ᠰᠢᠨ᠎ᠡ ᠪᠠᠷᠭᠤ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠭᠤᠯᠠ ᠨᠡᠶᠢᠯᠡᠵᠦ ᠵᠣᠭᠤᠰ ᠮᠦᠷᠦᠶᠢᠴᠡᠭᠰᠡᠨ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2023/2/2
      ︽ᠬᠤᠶᠠᠷ ᠢ ᠠᠷᠢᠯᠭᠠᠵᠤ ᠬᠤᠶᠠᠷ ᠲᠤ ᠴᠣᠬᠢᠯᠲᠠ ᠥᠭᠬᠦ︾ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠬᠤ᠂ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠬᠦ᠂ ᠵᠢᠯ ᠤᠨ ᠡᠴᠦᠰ ᠵᠢᠯ ᠤᠨ ᠡᠬᠢᠨ ᠳᠤ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ ᠳᠡᠭᠡᠳᠦ ᠱᠠᠲᠤᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠥᠯᠦᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠬᠢᠨ ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠴᠢᠩᠭ᠎ᠠ ᠴᠣᠬᠢᠯᠲᠠ ᠥᠭᠬᠦ᠂ ᠪᠦᠲᠦᠮᠵᠢᠲᠡᠶ ᠬᠠᠮᠢᠶᠠᠷᠤᠨ ᠡᠵᠡᠮᠳᠡᠬᠦ᠂ ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡ ᠪᠠᠷ ᠠᠳᠬᠤᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠂ ᠵᠣᠭᠤᠰ ᠮᠦᠷᠦᠶᠢᠴᠡᠬᠦ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠢ ᠯᠠᠪᠳᠠᠭᠤᠨ ᠲᠣᠭᠲᠠᠭᠤᠨ ᠢᠶᠠᠷ ᠠᠬᠢᠭᠤᠯᠪᠠ᠃ ᠣᠶᠢᠷ᠎ᠠ ᠳᠤ᠂ ᠠᠮᠤᠭᠤᠯᠠᠩ ᠪᠠᠯᠭᠠᠰᠤᠨ ᠤ ᠲᠣᠮᠢᠯᠠᠭᠰᠠᠨ ᠰᠠᠯᠪᠤᠷᠢ ᠣᠯᠠᠭᠤᠯᠠ ᠨᠡᠶᠢᠯᠡᠵᠦ ᠵᠣᠭᠤᠰ ᠮᠦᠷᠦᠶᠢᠴᠡᠭᠰᠡᠨ ᠬᠡᠷᠡᠭ ᠢ ᠠᠮᠵᠢᠯᠲᠠ ᠲᠠᠢ ᠪᠠᠷ ᠢᠯᠡᠷᠡᠭᠦᠯᠵᠦ᠂ ᠵᠣᠭᠤᠰ ᠮᠦᠷᠦᠶᠢᠴᠡᠬᠦ ᠳᠤ ᠬᠤᠯᠪᠣᠭᠳᠠᠭᠰᠠᠨ 8 ᠬᠥᠮᠦᠨ ᠢ ᠲᠤᠬᠠᠶ ᠶᠢᠨ ᠲᠠᠯᠠᠪᠤᠷ ᠲᠤ ᠪᠠᠷᠢᠪᠴᠢᠯᠠᠵᠠᠶ᠃      ᠠᠮᠤᠭᠤᠯᠠᠩ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠡᠳᠦᠷ ᠲᠤᠲᠤᠮ ᠤᠨ ᠠᠵᠢᠯ ᠤᠨ ᠳᠤᠮᠳᠠ ᠪᠠᠨ ᠣᠯᠠᠭᠤᠯᠠ ᠨᠡᠶᠢᠯᠡᠵᠦ ᠵᠣᠭᠤᠰ ᠮᠦᠷᠦᠶᠢᠴᠡᠭᠰᠡᠨ ᠰᠦᠪᠡᠭᠴᠢ ᠶᠢ ᠣᠯᠵᠠᠶ᠂ ᠰᠡᠷᠡᠮᠵᠢ ᠦᠭᠡᠢ ᠬᠦᠳᠡᠯᠵᠦ ᠰᠡᠵᠢᠭ ᠠᠪᠤᠭᠤᠯᠬᠤ ᠠᠴᠠ ᠵᠠᠶᠢᠯᠠᠰᠬᠢᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠪᠣᠯᠤᠨ ᠬᠥᠮᠦᠰ ᠤᠨ ᠠᠵᠢᠯᠯᠠᠭᠠᠨ ᠤ ᠵᠢᠮ᠎ᠡ ᠶᠣᠰᠣ ᠶᠢ ᠨᠠᠷᠢᠨ ᠲᠣᠳᠣᠷᠬᠠᠶ ᠡᠵᠡᠮᠰᠢᠬᠦ ᠶᠢᠨ ᠲᠥᠯᠥᠭᠡ᠂ ᠠᠷᠠᠳ ᠤᠨ ᠴᠠᠭᠳᠠᠭ᠎ᠠ ᠵᠠᠯᠭᠠᠭ᠎ᠠ ᠪᠠᠷ 4 ᠴᠠᠭ ᠭᠠᠷᠤᠶ ᠰᠠᠬᠢᠨ ᠰᠠᠭᠤᠵᠤ᠂ ᠴᠥᠬᠦᠷᠡᠰᠢ ᠦᠭᠡᠶ ᠴᠢᠷᠮᠠᠶᠢᠯᠭ᠎ᠠ ᠪᠠᠷ ᠳᠡᠮᠵᠢᠨ᠂ ᠡᠴᠦᠰ ᠲᠤ ᠪᠠᠨ ᠰᠡᠵᠢᠭᠲᠡᠶ ᠬᠥᠮᠦᠰ ᠪᠣᠯᠤᠨ ᠠᠵᠢᠯᠯᠠᠭᠠᠨ ᠤ ᠵᠢᠮ᠎ᠡ ᠶᠣᠰᠣ ᠶᠢ ᠲᠣᠭᠲᠠᠭᠠᠭᠰᠠᠨ ᠪᠠᠶᠢᠨ᠎ᠠ᠃ ᠲᠤᠰ ᠪᠦᠯᠬᠦᠮ ᠤᠨ ᠪᠦᠷᠢᠯᠳᠦᠬᠦᠨ ᠤ ᠠᠵᠢᠯᠯᠠᠭᠠᠨ ᠤ ᠵᠠᠮ ᠢ ᠭᠦᠢᠴᠡᠳ ᠡᠵᠡᠮᠰᠢᠭᠰᠡᠨ ᠤ ᠳᠠᠷᠠᠭ᠎ᠠ ᠪᠤᠰᠢᠭᠤ ᠱᠠᠯᠠᠮᠠᠭᠠᠢ ᠪᠠᠷ ᠬᠥᠳᠡᠯᠦᠯᠴᠡᠵᠦ᠂ ᠲᠤᠬᠠᠶ ᠶᠢᠨ ᠲᠠᠯᠠᠪᠠᠶ ᠳᠤ ᠵᠣᠭᠤᠰ ᠮᠦᠷᠦᠶᠢᠴᠭᠰᠡᠨ 8 ᠬᠥᠮᠦᠨ ᠢ ᠪᠠᠷᠢᠪᠴᠢᠯᠠᠵᠠᠶ᠃      ᠯᠠᠪᠯᠠᠨ ᠠᠰᠠᠭᠤᠬᠤ ᠳᠤ᠂ ᠬᠠᠤᠯᠢ ᠶᠢ ᠵᠥᠷᠢᠴᠡᠭᠰᠡᠨ 8 ᠬᠥᠮᠦᠨ ᠵᠣᠭᠤᠰ ᠮᠦᠷᠦᠶᠢᠴᠡᠬᠦ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠣᠷᠣᠯᠴᠠᠭᠰᠠᠨ ᠪᠠ ᠸᠧᠨ ᠣᠪᠣᠭᠲᠤ ᠶᠢᠨ ᠵᠣᠭᠤᠰ ᠮᠦᠷᠦᠶᠢᠴᠡᠬᠦ ᠳᠤ ᠲᠠᠯᠠᠪᠤᠷ ᠭᠠᠵᠠᠷ ᠪᠠ ᠵᠣᠭᠤᠰ ᠮᠦᠷᠦᠶᠢᠴᠡᠬᠦ ᠪᠠᠭᠠᠵᠢ ᠬᠡᠷᠡᠭᠰᠡᠯ ᠬᠠᠩᠭᠠᠭᠰᠠᠨ ᠠᠵᠢᠯᠯᠠᠭ᠎ᠠ ᠪᠠᠨ ᠨᠢᠭᠤᠯ ᠦᠭᠡᠢ ᠥᠴᠢᠭᠯᠡᠨ ᠮᠡᠳᠡᠷᠡᠪᠡ᠃ ᠣᠳᠣᠬᠠᠨ ᠳᠤ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ