2021 ᠣᠨ ᠤ 8 ᠳ᠋ᠤᠭᠠᠷ ᠰᠠᠷ᠎ᠠ ᠶᠢᠨ 19 ᠤ ᠡᠳᠦᠷ᠂ ᠬᠥᠯᠥᠨ ᠪᠤᠶᠢᠷ ᠬᠤᠲᠠ ᠶᠢᠨ ᠶᠠᠭᠰᠢ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠯᠢᠦ ᠠᠪᠠᠭ᠋ᠠᠶ ᠶᠢᠨ ᠰᠦᠯᠵᠢᠶᠡᠨ ᠳᠡᠭᠡᠷᠡᠬᠢ ᠨᠢᠭᠡ ᠡᠷᠡᠭᠲᠡᠶ ᠳᠤ ᠪᠠᠯᠠ ᠣᠷᠣᠭᠤᠯᠵᠤ | ᠬᠤᠭᠤᠴᠠᠭᠠᠲᠤ ᠪᠠᠷᠠᠭ᠎ᠠ ᠬᠤᠳᠠᠯᠳᠤᠨ ᠠᠪᠬᠤ ᠰᠢᠯᠲᠠᠭ ᠢᠶᠠᠷ 5 ᠲᠦᠮᠡᠨ ᠲᠥᠭᠦᠷᠢᠭ ᠮᠡᠬᠡᠯᠡᠭᠳᠡᠪᠡ ᠭᠡᠰᠡᠨ ᠬᠡᠷᠡᠭ ᠤᠨ ᠮᠡᠳᠡᠭᠦᠯᠦᠯᠲᠡ ᠶᠢ ᠲᠤᠰᠪᠠ᠃ ᠬᠡᠷᠡᠭ ᠤᠨ | ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠲᠤᠷᠰᠢᠨ ᠪᠠᠶᠢᠴᠠᠭᠠᠵᠤ᠂ 2021 ᠣᠨ ᠤ 9 ᠳ᠋ᠦ᠋ᠭᠡᠷ ᠰᠠᠷ᠎ᠠ ᠶᠢᠨ | 16 ᠤ ᠡᠳᠦᠷ 3 ᠶᠠᠯ᠎ᠠ ᠬᠢᠭᠰᠡᠨ ᠰᠡᠵᠢᠭᠳᠡᠨ ᠢ ᠪᠦᠬᠦᠨ ᠢ ᠪᠠᠷᠢᠪᠴᠢᠯᠠᠭᠰᠠᠨ ᠪᠣᠯᠪᠠᠴᠤ ᠬᠡᠷᠡᠭ ᠲᠤ ᠬᠤᠯᠪᠣᠭᠳᠠᠭᠰᠠᠨ ᠲᠠᠩᠰᠠᠨ ᠡᠷᠦᠬᠡ ᠠᠴᠠ ᠬᠤᠬᠢᠷᠠᠯ | ᠠᠮᠰᠠᠭᠴᠢ ᠶᠢᠨ ᠮᠡᠬᠡᠯᠡᠭᠳᠡᠭᠰᠡᠨ ᠪᠠᠯᠠ ᠮᠥᠩᠭᠦ ᠶᠢᠨ ᠰᠦᠪᠡᠭᠴᠢ ᠶᠢ ᠣᠯᠤᠭᠰᠠᠨ ᠥᠬᠡᠶ᠃ | | | | | ᠭᠡᠪᠡᠴᠦ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠪᠤᠵᠠᠷ ᠵᠣᠭᠤᠰ ᠢ ᠨᠡᠬᠡᠮᠵᠢᠯᠡᠬᠦ ᠪᠠᠨ ᠵᠣᠭᠰᠣᠭᠰᠠᠨ ᠦᠭᠡᠶ᠂ ᠬᠤᠶᠠᠷ ᠵᠢᠯ ᠤᠨ ᠲᠤᠷᠰᠢ᠂ 3 ᠶᠠᠯ᠎ᠠ | ᠬᠢᠭᠰᠡᠨ ᠰᠡᠵᠢᠭᠳᠡᠨ ᠤ ᠬᠡᠷᠡᠭ ᠲᠤ ᠬᠤᠯᠪᠣᠭᠳᠠᠭᠰᠠᠨ ᠪᠡᠯᠡ ᠮᠥᠩᠭᠦ ᠶᠢ ᠳᠠᠬᠢᠨ ᠳᠠᠪᠲᠠᠨ ᠡᠮᠬᠢᠯᠡᠬᠦ ᠪᠠᠷ ᠳᠠᠮᠵᠢᠭᠤᠯᠤᠨ᠂ ᠣᠶᠢᠷ᠎ᠠ ᠶᠢᠨ ᠡᠳᠦᠷ ᠲᠤ ᠬᠤᠬᠢᠷᠠᠯ | ᠠᠮᠰᠠᠭᠴᠢ ᠯᠢᠦ ᠠᠪᠠᠭ᠋ᠠᠶ ᠶᠢᠨ ᠮᠡᠬᠡᠯᠡᠭᠳᠡᠭᠰᠡᠨ ᠪᠡᠯᠡ ᠮᠥᠩᠭᠦ ᠶᠢᠨ ᠰᠦᠪᠡᠭᠴᠢ ᠶᠢ ᠣᠯᠵᠤ᠂ ᠪᠤᠵᠠᠷ ᠵᠣᠭᠤᠰ ᠢ ᠠᠮᠵᠢᠯᠲᠠ ᠲᠠᠢ ᠪᠠᠷ ᠡᠭᠡᠭᠦᠯᠦᠨ ᠠᠪᠴᠢᠷᠠᠭᠰᠠᠨ | ᠪᠥᠭᠡᠳ ᠬᠤᠬᠢᠷᠠᠯ ᠠᠮᠰᠠᠭᠴᠢ ᠳᠤ ᠴᠠᠭ ᠲᠤᠬᠠᠶ ᠳᠤ ᠨᠢ ᠪᠤᠴᠠᠭᠠᠵᠤ ᠥᠭᠪᠡ᠃ |