ᠲᠠᠨᠢᠯ ᠬᠥᠮᠥᠨ ᠡᠷᠢᠵᠦ  ︽ᠬᠠᠷᠢᠴᠠᠭᠠᠨ ᠤ ᠬᠡᠷᠡᠭ︾ ᠰᠢᠢᠳᠪᠦᠷᠢᠯᠡᠭᠦᠯᠦᠭᠡᠳ ᠮᠡᠬᠡᠯᠡᠭᠳᠡᠭᠰᠡᠨ ᠮᠥᠩᠭᠦ ᠶᠢ ᠳᠠᠷᠤᠢ ᠲᠦᠷᠭᠡᠨ ᠡᠭᠡᠭᠦᠯᠦᠨ ᠠᠪᠴᠢᠷᠠᠪᠠ
ᠨᠡᠶᠢᠲᠡᠯᠡᠭᠰᠡᠨ ᠴᠠᠭ᠄
2023/2/24
      ᠣᠶᠢᠷ᠎ᠠ ᠳᠤ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠬᠢ ᠶᠢᠨ ᠬᠢᠨ ᠨᠢᠭᠡᠨ ᠰᠠᠭᠤᠭᠠᠯᠢ ᠠᠷᠠᠳ ᠤᠨ ᠥᠪᠡᠷ ᠤᠨ ᠥᠩᠭᠡᠷᠡᠭᠰᠡᠨ  ᠤ  ᠬᠡᠷᠡᠭ  ᠢᠶᠠᠨ ︽ᠬᠠᠷᠢᠴᠠᠭ᠎ᠠ  ᠪᠠᠨ ᠨᠠᠶᠢᠳᠠᠵᠤ︾ ᠰᠢᠢᠳᠪᠦᠷᠢᠯᠡᠭᠡᠳ 18.8 ᠲᠦᠮᠡᠨ ᠲᠥᠭᠦᠷᠢᠭ ᠮᠡᠬᠡᠯᠡᠭᠳᠡᠵᠡᠢ ᠭᠡᠰᠡᠨ ᠬᠡᠷᠡᠭ ᠤᠨ ᠮᠡᠳᠡᠭᠦᠯᠦᠯᠲᠡ ᠶᠢ ᠲᠣᠰᠪᠠ᠃
db09e910961484f7345bbec569aa9ca.jpg
     ᠬᠡᠷᠡᠭ ᠤᠨ ᠮᠡᠳᠡᠭᠦᠯᠦᠯᠲᠡ ᠶᠢ ᠲᠣᠰᠣᠭᠰᠠᠨ ᠤ ᠲᠠᠷᠠᠭ᠎ᠠ᠂ ᠬᠠᠶᠢᠷᠤᠪ ᠤᠨ ᠲᠤᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠬᠢ ᠶᠢᠨ ᠠᠷᠠᠳ ᠤᠨ ᠴᠠᠭᠳᠠᠭ᠎ᠠ ᠦᠳᠲᠡᠷ ᠲᠦᠷᠭᠡᠨ  ᠬᠡᠷᠡᠭ  ᠢ  ᠲᠠᠩᠨᠠᠨ  ᠢᠯᠡᠷᠡᠭᠦᠯᠬᠦ  ᠠᠵᠢᠯ ᠢ ᠥᠷᠨᠢᠭᠦᠯᠪᠡ᠃ ᠭᠦᠨᠵᠡᠭᠡᠶ ᠪᠥᠭᠡᠳ ᠨᠠᠷᠢᠨ ᠨᠢᠮᠪᠠᠶ ᠰᠤᠳᠤᠯᠤᠨ ᠮᠠᠭᠠᠳᠯᠠᠬᠤ ᠪᠠᠷ ᠳᠡᠮᠵᠢᠨ᠂ ᠬᠤᠲᠠ ᠲᠣᠭᠤᠷᠢᠭ ᠬᠤᠶᠠᠷ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠡᠮᠵᠢᠯᠭᠡ ᠪᠠ ᠬᠠᠮᠵᠢᠯᠴᠠᠭ᠎ᠠ ᠶᠢᠨ ᠳᠣᠤᠷ᠎ᠠ᠂ ᠣᠶᠢᠷ᠎ᠠ ᠶᠢᠨ ᠬᠤᠭᠤᠴᠠᠭᠠᠨ ᠳᠤ ᠱᠠᠨᠰᠢ ᠮᠤᠵᠢ ᠶᠢᠨ ᠨᠢᠭᠡᠨ ᠭᠠᠵᠠᠷ ᠠᠴᠠ ᠶᠠᠯ᠎ᠠ ᠬᠢᠭᠰᠡᠨ ᠰᠡᠵᠢᠭᠳᠡᠨ ᠤ ᠴᠢᠬᠤᠯᠠ ᠶᠡᠭᠡ ᠰᠦᠪᠡᠭᠴᠢ ᠶᠢ ᠢᠯᠡᠷᠡᠭᠦᠯᠪᠡ᠃ ᠲᠤᠷᠰᠢᠨ ᠪᠠᠶᠢᠴᠠᠭᠠᠬᠤ ᠠᠷᠠᠳ ᠤᠨ ᠴᠠᠭᠳᠠᠭ᠎ᠠ ᠦᠳᠲᠡᠷ ᠲᠦᠷᠭᠡᠨ ᠬᠥᠳᠡᠯᠦᠯᠴᠡᠵᠦ᠂ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠪᠠ᠃      ᠭᠡᠷᠡᠴᠢ ᠪᠠᠷᠢᠮᠲᠠ ᠶᠢᠨ ᠡᠮᠦᠨ᠎ᠡ ᠶᠠᠯ᠎ᠠ ᠬᠢᠭᠰᠡᠨ ᠰᠡᠵᠢᠭᠳᠡᠨ ᠥᠪᠡᠷ ᠢ ᠪᠠᠨ ᠳᠣᠲᠣᠭᠠᠳᠤ ᠶᠢ ᠬᠠᠮᠠᠭᠠᠯᠠᠬᠤ ᠶᠠᠮᠤᠨ ᠳᠤ ︽ᠲᠥᠷᠥᠯ ᠰᠠᠳᠤᠨ︾ ᠲᠠᠢ ᠭᠡᠵᠦ ᠬᠤᠳᠠᠯ ᠬᠡᠯᠡᠵᠦ᠂ ᠬᠤᠬᠢᠷᠠᠯ ᠠᠮᠰᠠᠭᠴᠢ ᠶᠢ ᠬᠠᠪᠰᠤᠷᠤᠨ ᠡᠮᠦᠨ᠎ᠡ ᠨᠢ ᠮᠡᠬᠡᠯᠡᠭᠳᠡᠭᠰᠡᠨ ᠬᠡᠷᠡᠭ ᠢ ᠨᠢ ᠰᠢᠢᠳᠪᠦᠷᠢᠯᠡᠵᠦ ᠦᠭᠭᠦ ᠰᠢᠯᠲᠠᠭ ᠢᠶᠠᠷ ᠵᠣᠭᠤᠰ ᠮᠥᠩᠭᠦ ᠶᠢ ᠨᠢ ᠮᠡᠬᠡᠯᠡᠨ ᠠᠪᠤᠭᠰᠠᠨ ᠪᠥᠭᠡᠳ ᠬᠤᠪᠢ ᠬᠥᠮᠦᠨ ᠤ ᠬᠡᠷᠡᠭᠯᠡᠭᠡ ᠪᠠ ᠥᠭᠴᠡᠭᠡ ᠪᠠᠨ ᠳᠥᠯᠥᠬᠦ ᠳᠤ ᠬᠡᠷᠡᠭᠯᠡᠭᠰᠡᠨ ᠶᠠᠯ᠎ᠠ ᠶᠢᠨ ᠪᠣᠳᠠᠲᠤ ᠬᠡᠷᠡᠭ ᠢᠶᠠᠨ ᠥᠴᠢᠭᠯᠡᠨ ᠮᠡᠳᠡᠷᠡᠭᠰᠡᠨ ᠪᠠᠶᠢᠨ᠎ᠠ᠃    ᠣᠳᠣᠬᠠᠨ ᠳᠤ᠂ ᠶᠠᠯ᠎ᠠ ᠬᠢᠭᠰᠡᠨ ᠰᠡᠵᠢᠭᠳᠡᠨ ᠢ ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠤᠬᠢᠷᠠᠯ ᠠᠮᠰᠠᠭᠴᠢ ᠶᠢᠨ ᠮᠡᠬᠡᠯᠡᠭᠳᠡᠭᠰᠡᠨ 18 ᠲᠦᠮᠡ ᠭᠠᠷᠤᠶ ᠲᠥᠭᠦᠷᠢᠭ ᠢ ᠪᠦᠬᠦᠨ ᠢᠶᠠᠷ ᠨᠢ ᠨᠡᠬᠡᠵᠦ ᠠᠪᠴᠢᠷᠠᠪᠠ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ