ᠲᠦᠭ ᠲᠦᠮᠡᠨ ᠡᠷᠦᠬᠡ ᠶᠢ ᠰᠠᠬᠢᠨ ᠬᠠᠮᠠᠭᠠᠯᠠᠵᠤ ᠠᠮᠤᠷ ᠠᠮᠤᠭᠤᠯᠠᠩ ᠤᠨ ᠬᠠᠷᠢᠭᠤᠯᠲᠠ ᠶᠢᠨ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ
ᠨᠡᠶᠢᠲᠡᠯᠡᠭᠰᠡᠨ ᠴᠠᠭ᠄
2023/2/7
      ᠴᠠᠭᠠᠨ ᠰᠠᠷ᠎ᠠ ᠳᠤ᠂ ᠪᠠᠶᠠᠨᠨᠠᠭᠤᠷ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠭᠴᠢ ᠴᠠᠭᠳᠠᠭ᠎ᠠ ᠶᠢᠨ ᠬᠢᠨ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠦᠨᠡᠨᠴᠢ ᠰᠢᠳᠤᠷᠭᠤ ᠪᠠ ᠡᠭᠦᠷᠭᠡ ᠬᠠᠷᠢᠭᠤᠴᠠᠯᠭ᠎ᠠ ᠪᠠᠷ ᠠᠷᠠᠳ ᠤᠨ ᠲᠥᠯᠥᠭᠡ ᠭᠡᠬᠦ ᠰᠡᠳᠬᠢᠯ ᠢ ᠲᠠᠶᠢᠯᠪᠤᠷᠢᠯᠠᠵᠤ᠂ ᠰᠢᠷᠭᠠᠭᠤ ᠬᠥᠳᠡᠯᠮᠦᠷᠢ ᠪᠠ ᠬᠤᠪᠢ ᠨᠡᠮᠡᠷᠢ ᠦᠵᠡᠭᠦᠯᠬᠦ ᠪᠠᠷ ᠲᠦᠭ ᠲᠦᠮᠡᠨ ᠡᠷᠦᠬᠡ ᠶᠢ ᠰᠠᠬᠢᠨ ᠬᠠᠮᠠᠭᠠᠯᠠᠵᠤ ᠠᠮᠤᠷ ᠠᠮᠤᠭᠤᠯᠠᠩ ᠢ ᠴᠣᠭᠴᠠᠯᠠᠪᠠ᠃      ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠵᠦ ᠠᠮᠤᠷ ᠲᠦᠪᠰᠢᠨ ᠢ ᠬᠠᠮᠠᠭᠠᠯᠠᠨ᠎ᠠ      ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠬᠠᠷᠢᠶ᠎ᠠ ᠣᠷᠣᠨ ᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠵᠤ᠂ ᠶᠠᠪᠠᠭᠠᠨ ᠪᠠ ᠮᠠᠰᠢᠨ ᠲᠡᠷᠭᠡ ᠪᠠᠷ ᠲᠣᠭᠤᠷᠢᠨ ᠴᠠᠭᠳᠠᠬᠤ ᠬᠥᠳᠡᠯᠦᠩᠭᠦᠢ ᠪᠠᠶᠢᠳᠠᠯ ᠲᠠᠢ ᠤᠶᠠᠯᠳᠤᠭᠤᠯᠬᠤ ᠠᠷᠭ᠎ᠠ ᠬᠡᠯᠪᠡᠷᠢ ᠪᠠᠷ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠥᠷᠨᠢᠭᠦᠯᠵᠦ᠂ ᠵᠡᠭᠡᠯᠢ ᠭᠤᠳᠤᠮᠵᠢ ᠶᠢᠨ ᠴᠠᠭᠳᠠᠭ᠎ᠠ ᠶᠢ ᠣᠯᠵᠤ ᠦᠵᠡᠬᠦ ᠨᠤᠷᠮ᠎ᠠ ᠪᠠ ᠬᠡᠷᠡᠭ ᠶᠠᠪᠤᠳᠠᠯ ᠢ ᠬᠠᠮᠢᠶᠠᠷᠬᠤ ᠨᠤᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠬᠠᠤᠯᠢ ᠶᠢ ᠵᠥᠷᠢᠴᠡᠵᠦ ᠶᠠᠯ᠎ᠠ ᠬᠢᠬᠦ ᠣᠷᠣᠨ ᠵᠠᠢ ᠶᠢ ᠪᠦᠬᠦ ᠬᠦᠴᠦᠨ ᠢᠶᠠᠷ ᠢᠶᠠᠨ ᠰᠢᠬᠠᠨ ᠳᠠᠷᠤᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠡᠶᠢᠭᠡᠮ ᠤᠨ ᠠᠮᠤᠷ ᠲᠦᠪᠰᠢᠨ ᠲᠣᠭᠲᠠᠭᠤᠨ ᠳᠤ ᠬᠦᠴᠦᠲᠡᠢ ᠪᠠᠲᠤᠯᠠᠭ᠎ᠠ ᠬᠠᠩᠭᠠᠪᠠ᠃
49aa0c4bd8af8ed6ad851f33acd7ab7.jpg
      ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠨ᠎ᠠ      ᠬᠠᠷᠢᠶᠠᠲᠤ ᠣᠷᠣᠨ ᠤ ᠡᠯ᠎ᠡ ᠭᠤᠤᠯᠳᠠᠯᠭ᠎ᠠ ᠲᠠᠢ ᠵᠠᠮ ᠤᠨ ᠬᠡᠰᠡᠭ ᠢ ᠵᠠᠯᠠᠵᠤ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠭᠤᠤᠯᠳᠠᠯᠭ᠎ᠠ ᠲᠠᠢ ᠲᠡᠭᠡᠭᠡᠪᠦᠷᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠪᠠᠶᠢᠴᠠᠭᠠᠯᠲᠠ ᠪᠠ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠂ ᠠᠷᠢᠬᠢ ᠤᠤᠭᠤᠭᠠᠳ ᠲᠡᠷᠭᠡ ᠵᠢᠯᠣᠭᠤᠳᠬᠤ᠂  ᠰᠣᠭᠲᠣᠭᠤ ᠪᠠᠷ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠠᠮᠤᠷ ᠲᠦᠪᠰᠢᠨ ᠢᠶᠠᠷ ᠲᠡᠷᠭᠡ ᠵᠢᠯᠣᠭᠤᠳᠬᠤ ᠤᠬᠠᠭᠤᠯᠭ᠎ᠠ ᠬᠥᠮᠦᠵᠢᠯ ᠢ ᠢᠳᠡᠪᠬᠢᠲᠡᠶ ᠰᠠᠶᠢᠲᠤᠷ ᠬᠢᠵᠦ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠬᠠᠮᠠᠭᠠᠯᠠᠨ᠎ᠠ᠃
4c55f3b3251288df470eaf1e3d5e9c8.jpg
      ᠠᠶᠤᠯ ᠦᠭᠡᠢ ᠶᠢᠨ ᠪᠠᠶᠢᠴᠠᠭᠠᠯᠲᠠ ᠬᠢᠵᠦ ᠳᠠᠯᠳᠠ ᠭᠡᠮ ᠢ ᠠᠷᠢᠯᠭᠠᠨ᠎ᠠ      ᠬᠠᠷᠢᠶᠠᠲᠤ ᠣᠷᠣᠨ ᠤ ᠰᠥᠨᠢ ᠶᠢᠨ ᠬᠤᠭᠤᠯᠠᠨ ᠤ ᠳᠡᠯᠭᠡᠭᠦᠷ᠂ ᠲᠦᠷᠢᠶᠡᠰᠦᠨ ᠬᠡᠷ᠂ ᠠᠶᠠᠨᠴᠢᠳ ᠤᠨ ᠪᠠᠭᠤᠳᠠᠯ᠂ KTV ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠤᠸᠠᠷ ᠫᠤᠤᠵᠢᠩ ᠪᠣᠷᠣᠯᠠᠭᠤᠯᠬᠤ ᠴᠢᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠡᠯ᠎ᠡ ᠲᠥᠷᠥᠯ ᠤᠨ ᠠᠮᠤᠷ ᠲᠦᠪᠰᠢᠨ ᠳᠤ ᠬᠤᠤᠷ ᠬᠥᠨᠥᠭᠡᠯ ᠲᠠᠢ ᠬᠦᠴᠦᠨ ᠵᠦᠢᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠱᠦᠭᠦᠵᠦ᠂ ᠨᠡᠶᠢᠭᠡᠮ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃
1a548b4c3cd0408e9c2c45872ab3bc3.jpg
      ᠶᠠᠯᠠᠲᠤ ᠠᠵᠢᠯᠯᠠᠭ᠎ᠠ ᠳᠤ ᠴᠦᠭᠦᠷᠡᠰᠢ ᠦᠭᠡᠢ ᠴᠣᠬᠢᠯᠲᠠ‌ᠥᠭᠭᠦᠨ᠎ᠡ      ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠦᠷᠭᠦᠯᠵᠢᠯᠡᠨ ᠴᠢᠩᠭ᠎ᠠ ᠴᠣᠬᠢᠯᠲᠠ ᠥᠭᠴᠦ᠂ ᠬᠡᠷᠡᠭ ᠢ ᠲᠠᠩᠨᠠᠨ ᠢᠯᠡᠷᠡᠭᠦᠯᠬᠦ ᠪᠠ ᠤᠷᠭᠤᠳᠠᠭᠤᠯ ᠢ ᠨᠡᠬᠡᠮᠵᠢᠯᠡᠬᠦ ᠠᠵᠢᠯ ᠢ ᠦᠷᠭᠦᠯᠵᠢᠯᠡᠨ ᠬᠦᠴᠦᠯᠡᠨ ᠥᠷᠨᠢᠭᠦᠯᠵᠦ᠂ ᠤᠯᠠᠨ ᠲᠦᠮᠡᠨ ᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠬᠠᠷᠢᠶ᠎ᠠ ᠣᠷᠣᠨ ᠤ ᠤᠯᠠᠨ ᠲᠦᠮᠡᠨ ᠤ ᠲᠠᠶᠢᠪᠤᠩᠲᠦ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃
1ef8a5e1d73f6128d7036238b699b87.jpg
 
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ