ᠠᠵᠢᠯ ᠳᠤ ᠪᠠᠨ ᠬᠢᠨᠠᠮᠠᠭᠠᠢ — ᠬᠠᠨ ᠢᠦᠢ
ᠨᠡᠶᠢᠲᠡᠯᠡᠭᠰᠡᠨ ᠴᠠᠭ᠄
2023/3/1
      ᠬᠠᠨ ᠢᠦᠢ᠂ ᠡᠮᠡᠭᠳᠡᠢ᠂ 1985 ᠣᠨ ᠤ 6 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠤ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠳᠦᠷᠢᠮ ᠤᠨ ᠶᠡᠭᠡ ᠠᠩᠭᠢ ᠶᠢᠨ ᠭᠤᠷᠪᠠᠳᠤᠭᠠᠷ ᠳᠡᠰ ᠤᠨ ᠴᠠᠭᠳᠠᠭᠠᠨ ᠳᠠᠷᠤᠭ᠎ᠠ ᠶᠢᠨ ᠲᠤᠰᠢᠶᠠᠯ ᠲᠠᠢ᠃ ᠬᠤᠪᠢ ᠬᠥᠮᠥᠨ ᠤ ᠭᠤᠷᠪᠠᠳᠤᠭᠠᠷ ᠳᠡᠰ ᠤᠨ ᠭᠠᠪᠢᠶ᠎ᠠ ᠶᠢ ᠨᠢᠭᠡ ᠤᠳᠠᠭ᠎ᠠ ᠪᠠᠶᠢᠭᠤᠯᠵᠤ᠂ ᠬᠤᠪᠢ ᠬᠥᠮᠥᠨ ᠤ ᠰᠠᠶᠢᠰᠢᠶᠠᠯ ᠢ ᠭᠤᠷᠪᠠ ᠤᠳᠠᠭ᠎ᠠ ᠬᠦᠷᠳᠡᠵᠠᠢ᠃
 微信图片_20230210095054.jpg 
       ᠲᠡᠷᠡ ᠲᠣᠪᠴᠢᠶᠠᠨ ᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠶᠢᠨ ᠳᠣᠣᠷ᠎ᠠ᠂ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠨ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭ᠎ᠠ ᠠᠳᠬᠤᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠪᠠᠨ ᠵᠢᠷᠤᠮᠵᠢᠭᠤᠯᠤᠨ᠂ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠵᠦ᠂ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠪᠠᠷ ᠭᠦᠢᠴᠡᠳᠭᠡᠪᠡ᠃
 微信图片_20230210095122.jpg 
       2022 ᠣᠨ ᠤ 7 ᠳ᠋ᠤᠭᠠᠷ ᠰᠠᠷ᠎ᠠ ᠳᠤ ᠠᠵᠤ ᠠᠬᠤᠢ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ︽ᠸᠥ᠋ ᠲᠥᠩ ᠬᠠᠮᠢᠶᠠᠷᠤᠯᠲᠠ ᠶᠢᠨ ᠯᠠᠪᠯᠠᠯᠭ᠎ᠠ ᠶᠢᠨ ᠬᠢᠵᠠᠭᠠᠷᠲᠤ ᠺᠣᠮᠫᠠᠨᠢ︾ ᠵᠡᠷᠭᠡ ᠶᠢᠨ ᠬᠤᠳᠠᠯ ᠢᠶᠠᠷ ᠪᠠᠷᠢᠮᠲᠠ ᠪᠢᠴᠢᠭᠰᠡᠨ ᠰᠡᠵᠢᠭᠲᠡᠢ ᠬᠡᠷᠡᠭ ᠢ ᠰᠢᠢᠳᠪᠦᠷᠢᠯᠡᠵᠦ᠂ ᠬᠡᠷᠡᠭ ᠢ ᠲᠤᠷᠰᠢᠨ ᠪᠠᠶᠢᠴᠠᠭᠠᠬᠤ ᠡᠬᠢᠨ ᠤ ᠦᠶ᠎ᠡ ᠳᠤ᠂ ᠲᠤᠰᠬᠠᠢ ᠬᠡᠷᠡᠭ ᠤᠨ ᠡᠮᠦᠨᠡᠬᠢ ᠬᠤᠭᠤᠴᠠᠭᠠᠨ ᠤ ᠲᠤᠷᠰᠢᠨ ᠪᠠᠶᠢᠴᠠᠭᠠᠯᠲᠠ ᠳᠤ ᠣᠷᠣᠯᠴᠠᠨ᠂ ᠲᠤᠷᠰᠢᠨ ᠪᠠᠶᠢᠴᠠᠭᠠᠭᠴᠢ ᠲᠠᠢ ᠬᠠᠮᠲᠤ ᠪᠠᠷ ᠬᠡᠷᠡᠭ ᠲᠤ ᠬᠤᠯᠪᠣᠭᠳᠠᠭᠰᠠᠨ ᠺᠣᠮᠫᠠᠨᠢ ᠶᠢᠨ ᠪᠡᠯᠡ ᠮᠥᠩᠭᠦ ᠶᠢ ᠡᠮᠬᠢᠯᠡᠨ ᠳᠢᠭᠯᠡᠭᠰᠡᠨ ᠤ ᠳᠠᠷᠠᠭ᠎ᠠ᠂ ᠭᠡᠷᠡᠴᠢ ᠠᠪᠬᠤ ᠴᠢᠭᠯᠡᠯ ᠢ ᠬᠠᠩᠭᠠᠵᠤ᠂ ᠬᠡᠷᠡᠭ ᠲᠤ ᠬᠤᠯᠪᠣᠭᠳᠠᠭᠰᠠᠨ ᠰᠡᠵᠢᠭᠲᠡᠨ ᠤ ᠶᠠᠯᠠᠲᠤ ᠠᠵᠢᠯᠯᠠᠭ᠎ᠠ ᠶᠢᠨ ᠠᠷᠭ᠎ᠠ ᠮᠠᠶ᠋ᠢᠭ ᠢ ᠰᠤᠳᠤᠯᠵᠤ᠂ ᠡᠴᠦᠰ ᠤᠨ ᠪᠠᠷᠢᠪᠴᠢᠯᠠᠯᠲᠠ ᠳᠤ ᠪᠠᠲᠤ ᠪᠠᠬᠢ ᠭᠡᠷᠡᠴᠢ ᠪᠠᠷᠢᠮᠲᠠ ᠶᠢᠨ ᠰᠠᠭᠤᠷᠢ ᠶᠢ ᠲᠠᠯᠪᠢᠭᠰᠠᠨ ᠪᠠᠶᠢᠨ᠎ᠠ᠃     7 ᠳ᠋ᠤᠭᠠᠷ ᠰᠠᠷ᠎ᠠ ᠶᠢᠨ 26 ᠤ ᠡᠳᠦᠷ᠂ ᠲᠤᠰᠬᠠᠢ ᠬᠡᠷᠡᠭ ᠤᠨ ᠳᠤᠭᠤᠶᠢᠯᠠᠩ ᠤᠨ ᠬᠢᠨ ᠬᠡᠷᠡᠭ ᠲᠤ ᠬᠤᠯᠪᠣᠭᠳᠠᠭᠰᠠᠨ ᠰᠡᠵᠢᠭᠲᠡᠨ ᠢ ᠬᠤᠶᠠᠷ ᠭᠠᠵᠠᠷ ᠲᠤ ᠨᠢᠭᠡᠳᠦᠯᠲᠡᠢ ᠪᠠᠷᠢᠪᠴᠢᠯᠠᠪᠠ᠃ ᠲᠡᠷᠡ ᠲᠣᠪᠴᠢᠶᠠᠨ ᠤ 9 ᠳ᠋ᠦ᠋ᠭᠡᠷ ᠳᠠᠪᠬᠤᠷᠯᠢᠭ ᠤᠨ ᠵᠢᠯᠤᠭᠤᠳᠬᠤ ᠲᠥᠪ ᠲᠤ ᠲᠤᠷᠰᠢᠨ ᠪᠠᠶᠢᠴᠠᠭᠠᠭᠴᠢ ᠶᠢᠨ ᠵᠢᠷᠤᠮᠵᠢᠭᠰᠠᠨ ᠬᠠᠤᠯᠢ ᠬᠡᠷᠡᠭᠵᠢᠭᠦᠯᠦᠯᠲᠡ ᠶᠢ ᠪᠥᠬᠦ ᠶᠠᠪᠤᠴᠠ ᠳᠤ ᠲᠣᠬᠢᠷᠠᠭᠤᠯᠤᠨ ᠵᠢᠯᠤᠭᠤᠳᠤᠨ᠂ ᠴᠠᠭᠳᠠᠭ᠎ᠠ ᠶᠢᠨ ᠲᠣᠰ ᠪᠡᠶ᠎ᠡ ᠶᠢᠨ ᠠᠮᠤᠷ ᠲᠦᠪᠰᠢᠨ ᠢ ᠪᠠᠲᠤᠯᠠᠬᠤ ᠮᠥᠷᠲᠡᠭᠡᠨ ᠪᠠᠷᠢᠪᠴᠢᠯᠠᠬᠤ ᠪᠥᠬᠦ ᠶᠠᠪᠤᠴᠠ ᠶᠢᠨ ᠬᠠᠤᠯᠢ ᠳᠤ ᠨᠡᠶᠢᠴᠡᠬᠦ ᠶᠢ ᠪᠠᠲᠤᠯᠠᠵᠦ᠂ ᠰᠡᠵᠢᠭᠲᠡᠨ ᠪᠦᠬᠦᠨ ᠢᠶᠠᠷ ᠢᠶᠠᠨ ᠬᠦᠷᠴᠦ ᠢᠷᠡᠭᠰᠡᠨ ᠤ ᠳᠠᠷᠠᠭ᠎ᠠ᠂ ᠲᠡᠷᠡ ᠪᠠᠰᠠ ᠬᠡᠷᠡᠭ ᠰᠢᠢᠳᠪᠦᠷᠢᠯᠡᠬᠦ ᠲᠣᠭᠤᠷᠢᠭ ᠤᠨ ᠨᠢᠭᠡᠳᠦᠭᠡᠷ ᠹᠷᠣᠨᠲ ᠲᠤ ᠬᠦᠷᠴᠦ ᠰᠢᠭᠦᠨ ᠠᠰᠠᠭᠤᠬᠤ ᠵᠢᠯᠣᠭᠤᠳᠤᠯᠭ᠎ᠠ ᠳᠤ ᠣᠷᠣᠯᠴᠠᠨ᠂ ᠬᠡᠷᠡᠭ ᠰᠢᠢᠳᠪᠦᠷᠢᠯᠡᠬᠦ ᠴᠠᠭᠳᠠᠭ᠎ᠠ ᠲᠠᠢ ᠬᠠᠮᠲᠤ ᠪᠠᠷ ᠰᠢᠭᠦᠨ ᠠᠰᠠᠭᠤᠬᠤ ᠲᠣᠪᠴᠢ ᠭᠠᠷᠭᠠᠵᠠᠢ᠂ ᠲᠡᠷᠡ ᠲᠡᠮᠳᠡᠭᠯᠡᠯ ᠨᠢᠭᠡᠪᠦᠷᠢ ᠶᠢ ᠳᠠᠬᠢᠨ ᠳᠠᠪᠲᠠᠨ ᠬᠢᠨᠠᠨ ᠪᠠᠶᠢᠴᠠᠭᠠᠵᠤ᠂ ᠣᠳᠣ ᠪᠠᠶᠢᠭ᠎ᠠ ᠭᠡᠷᠡᠴᠢ ᠪᠠᠷᠢᠮᠲᠠ ᠲᠠᠢ ᠬᠤᠯᠪᠣᠭ᠎ᠠ ᠠᠪᠤᠭᠰᠠᠨ ᠤ ᠳᠠᠷᠠᠭ᠎ᠠ᠂ ᠳᠠᠬᠢᠨ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠶᠢ ᠵᠢᠭᠠᠨ ᠵᠢᠯᠤᠭᠤᠳᠴᠤ ᠪᠠᠶᠢᠭᠠᠳ ᠰᠢᠭᠦᠨ ᠠᠰᠠᠭᠤᠬᠤ ᠴᠢᠭᠯᠡᠯ ᠢ ᠨᠢ ᠬᠤᠪᠢᠷᠠᠭᠤᠯᠵᠤ᠂ ᠰᠢᠭᠦᠨ ᠠᠰᠠᠭᠤᠭᠰᠠᠨ ᠲᠡᠮᠳᠡᠭᠯᠡᠯ ᠪᠣᠯᠣᠨ ᠪᠤᠰᠤᠳ ᠭᠡᠷᠡᠴᠢ ᠪᠠᠷᠢᠮᠲᠠ ᠶᠢ ᠬᠠᠷᠢᠯᠴᠠᠨ ᠭᠡᠷᠡᠴᠢᠯᠡᠬᠦ ᠪᠠᠷᠢᠮᠵᠢᠶ᠎ᠠ ᠳᠤ ᠬᠦᠷᠭᠡᠵᠡᠢ᠃ ᠪᠠᠷᠢᠪᠴᠢᠯᠠᠵᠤ ᠰᠢᠭᠦᠨ ᠠᠰᠠᠭᠤᠬᠤ ᠬᠤᠭᠤᠴᠠᠭᠠᠨ ᠳᠤ ᠲᠡᠷᠡ ᠬᠤᠶᠠᠷ ᠡᠳᠦᠷ ᠨᠢᠭᠡ ᠰᠥᠨᠢ ᠦᠷᠭᠦᠯᠵᠢᠯᠡᠨ ᠠᠮᠠᠷᠠᠭᠰᠠᠨ ᠦᠭᠡᠢ ᠪᠥᠭᠡᠳ ᠵᠠᠭᠤ ᠭᠠᠷᠤᠢ ᠬᠤᠪᠢ ᠲᠡᠮᠳᠡᠭᠯᠡᠯ ᠢ ᠲᠠᠬᠢᠨ ᠳᠠᠪᠲᠠᠨ ᠬᠢᠨᠠᠨ ᠪᠠᠶᠢᠴᠠᠭᠠᠵᠤ᠂ ᠨᠦᠢᠷ ᠬᠦᠷᠦᠮᠡᠭᠴᠡ ᠪᠠᠨ ᠰᠠᠨᠳᠠᠯᠢ ᠳᠡᠭᠡᠷ᠎ᠡ ᠪᠠᠨ ᠠᠷᠪᠠᠨ ᠬᠡᠳᠦᠨ ᠮᠢᠨᠦ᠋ᠲ ᠠᠮᠠᠷᠠᠵᠦ᠂ ᠲᠡᠷᠡ ᠭᠡᠷᠡᠴᠢ ᠪᠠᠷᠢᠮᠲᠠ ᠶᠢᠨ ᠪᠣᠭᠤᠮᠲᠠ᠂ ᠵᠢᠷᠤᠮ ᠤᠨ ᠪᠣᠭᠤᠮᠲᠠ ᠶᠢ ᠴᠢᠩᠭ᠎ᠠ ᠠᠳᠬᠤᠵᠤ᠂ ᠬᠡᠷᠡᠭ ᠢ ᠬᠢᠨᠠᠨ ᠪᠠᠶᠢᠴᠠᠭᠠᠬᠤ ᠳᠤ ᠪᠠᠨ ᠡᠯ᠎ᠡ ᠲᠦᠷᠦᠯ ᠤᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠴᠢᠩᠭ᠎ᠠ ᠬᠢᠨᠠᠨ ᠪᠠᠶᠢᠴᠠᠭᠠᠵᠤ᠂ ᠬᠡᠷᠡᠭ ᠲᠤ ᠬᠤᠯᠪᠤᠭᠳᠠᠭᠰᠠᠨ ᠰᠡᠵᠢᠭᠲᠡᠨ ᠢ ᠪᠠᠷᠢᠪᠴᠢᠯᠠᠬᠤ ᠪᠠᠷ ᠮᠡᠳᠡᠭᠦᠯᠬᠦ ᠪᠠᠷᠢᠮᠵᠢᠶ᠎ᠠ ᠳᠤ ᠬᠦᠷᠭᠡᠵᠦ᠂ ᠪᠠᠶᠢᠴᠠᠭᠠᠬᠤ ᠬᠤᠷᠢᠶᠠᠨ ᠳᠤ ᠭᠤᠶᠤᠴᠢᠯᠠᠭᠰᠠᠨ ᠭᠤᠣᠯ ᠪᠣᠯᠬᠤ 6 ᠶᠠᠯ᠎ᠠ ᠬᠢᠭᠰᠡᠨ ᠰᠡᠵᠢᠭᠲᠡᠨ ᠢ ᠪᠦᠬᠦᠨ ᠢ ᠪᠠᠷᠢᠪᠴᠢᠯᠠᠬᠤ ᠪᠠᠷ ᠵᠥᠪᠰᠢᠶᠡᠷᠡᠪᠡ᠃
微信图片_20230210095130.jpg  
      ᠲᠡᠷᠡ ᠢᠮᠠᠭᠲᠠ ᠲᠠᠰᠤᠷᠠᠯᠲᠠ ᠦᠭᠡᠢ ᠰᠤᠷᠤᠯᠴᠠᠬᠤ ᠶᠢ ᠪᠠᠷᠢᠮᠲᠠᠯᠠᠵᠤ᠂ 2022 ᠣᠨ ᠤ ᠪᠦᠬᠦ ᠠᠶᠢᠮᠠᠭ ᠤᠨ ᠡᠷᠡᠭᠦᠦ ᠶᠢᠨ ᠬᠡᠷᠡᠭ ᠢ ᠬᠢᠨᠠᠨ ᠬᠠᠷᠭᠤᠭᠤᠯᠬᠤ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠤᠯᠠᠨ ᠠᠴᠠ ᠴᠣᠯᠭᠤᠷᠠᠵᠤ᠂ ᠨᠢᠭᠡᠳᠦᠭᠡᠷ ᠨᠡᠷᠡᠰ ᠲᠤ ᠳᠣᠳᠤᠷᠠᠵᠤ᠂ ᠬᠤᠵᠢᠮ ᠨᠢ ᠪᠠᠰᠠ ᠬᠢᠩᠭᠠᠨ ᠠᠶᠢᠮᠠᠭ ᠢ ᠲᠥᠯᠥᠭᠡᠯᠡᠨ ᠪᠦᠬᠦ ᠣᠷᠣᠨ ᠤ ᠤᠷᠤᠯᠳᠤᠭᠠᠨ ᠳᠤ ᠣᠷᠣᠯᠴᠠᠵᠤ ᠬᠤᠶᠠᠳᠤᠭᠠᠷ ᠳᠡᠰ ᠤᠨ ᠱᠠᠩᠨᠠᠯ ᠬᠦᠷᠳᠡᠪᠡ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ