ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠲᠣᠬᠤᠨᠢᠭᠤᠯᠬᠤ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2023/3/1
      ᠨᠢᠳᠦᠨᠦᠨ ᠤ 11 ᠳ᠋ᠦ᠋ᠭᠡᠷ ᠰᠠᠷ᠎ᠠ ᠶᠢᠨ 21 ᠤ ᠡᠳᠦᠷ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠬᠢ ᠶᠢᠨ ᠬᠢᠨ ᠲᠤᠪᠴᠢᠶ᠎ᠠ ᠶᠢᠨ ᠨᠠᠮ ᠤᠨ ᠬᠤᠷᠢᠶ᠎ᠠ ᠶᠢᠨ ᠴᠢᠩ ᠰᠡᠳᠬᠢᠯ ᠤᠨ ᠬᠠᠯᠠᠮᠵᠢᠯᠠᠯ ᠢ ᠡᠪᠦᠷᠯᠡᠨ ᠤᠷᠠᠳ ᠤᠨ ᠳᠤᠮᠳᠠᠳᠤ ᠬᠤᠰᠢᠭᠤᠨ ᠤ ᠤᠩᠭᠤᠨ ᠪᠠᠯᠭᠠᠰᠤ ᠶᠢᠨ ᠰᠢᠷᠠᠴᠢᠯᠠᠭᠤ ᠭᠠᠴᠠᠭ᠎ᠠ ᠳᠤ ᠬᠦᠷᠴᠦ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃
1.jpg  
      ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠬᠢᠨ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠭᠤᠴᠣᠯᠠᠯ ᠳᠠᠭᠤᠤ᠂ ᠬᠤᠤᠰᠯᠠᠯ ᠳᠠᠭᠤᠤ᠂ ᠰᠢᠯᠦᠭ ᠤᠶᠠᠩᠭᠠᠯᠠᠬᠤ᠂ ᠨᠠᠶᠢᠷᠠᠯ ᠳᠠᠭᠤᠤ ᠵᠡᠷᠭᠡ ᠤᠯᠠᠨ ᠬᠡᠯᠪᠡᠷᠢ ᠶᠢᠨ᠂ ᠭᠤᠶᠢᠳᠠ ᠰᠠᠶᠢᠬᠠᠨ ᠲᠣᠭᠯᠠᠯᠲᠠ ᠠᠪᠴᠢᠷᠠᠵᠤ᠂ ᠤᠯᠠᠭᠠᠨᠮᠥ᠋ᠴᠢᠷ ᠤᠨ ᠭᠡᠰᠢᠭᠦᠳ ᠤᠨ ᠤᠷᠠᠨ ᠠᠪᠢᠶᠠᠰ ᠢ ᠨᠠᠷᠢᠨ ᠲᠣᠳᠣᠷᠬᠠᠢ ᠳᠡᠯᠭᠡᠨ ᠦᠵᠡᠭᠦᠯᠪᠡ᠃ ᠲᠤᠰ ᠬᠤᠭᠤᠴᠠᠭᠠᠨ ᠳᠤ᠂ ᠰᠢᠷᠴᠢᠯᠠᠭᠤ ᠭᠠᠴᠠᠭᠠᠨ ᠤ ᠨᠠᠮ ᠤᠨ ᠡᠭᠦᠷ ᠨᠢ ᠪᠠᠰᠠ ᠮᠤᠩᠭᠤᠯ ᠤᠷᠳᠤ ᠶᠢᠨ ᠳᠠᠭᠤᠤ ᠳᠠᠭᠤᠯᠠᠵᠤ᠂ ᠨᠡᠩ ᠴᠦ ᠲᠤᠭᠯᠠᠯᠳᠠ ᠭᠠᠷᠭᠠᠬᠤ ᠦᠩᠭᠡ ᠪᠤᠳᠤᠭ ᠨᠡᠮᠡᠷᠢᠯᠡᠪᠡ᠃ ᠲᠣᠭᠯᠠᠯᠲᠠ ᠶᠢᠨ ᠡᠴᠦᠰ ᠲᠤ᠂ ᠬᠤᠰᠢᠭᠤ ᠲᠣᠪᠴᠢᠶ᠎ᠠ ᠶᠢᠨ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠪᠣᠯᠤᠨ ᠤᠩᠭᠤᠨ ᠪᠠᠯᠭᠠᠰᠤᠨ ᠤ ᠰᠢᠷᠠᠴᠢᠯᠠᠭᠤ ᠭᠠᠴᠠᠭᠠᠨ ᠤ ᠣᠯᠠᠨ ᠲᠦᠮᠡᠨ ᠤ ᠨᠠᠶᠢᠷᠠᠯ ᠳᠠᠭᠤᠤ ︽ᠡᠪ ᠬᠠᠮᠲᠤ ᠨᠠᠮ ᠪᠠᠶᠢᠬᠤ ᠥᠬᠡᠶ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠥᠬᠡᠶ︾ ᠪᠠ ︽ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠨᠠᠶᠢᠷᠠᠯ ᠳᠠᠭᠤᠤ ᠨᠢ ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠢ ᠬᠠᠮᠲᠤ ᠪᠠᠷ ᠮᠠᠭᠲᠠᠨ ᠳᠠᠭᠤᠯᠠᠵᠤ᠂ ᠠᠭᠤᠤ ᠶᠡᠭᠡ ᠡᠬᠡ ᠤᠯᠤᠰ ᠢᠶᠠᠨ ᠮᠠᠭᠲᠠᠨ ᠳᠠᠭᠤᠯᠠᠵᠤ᠂ ᠨᠠᠮ ᠪᠠ ᠡᠬᠡ ᠤᠯᠤᠰ ᠲᠤ ᠪᠠᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠷ ᠮᠡᠨᠳᠦᠴᠢᠯᠡᠪᠡ᠃
 7.jpg 
10.jpg
      ᠤᠷᠠᠨ ᠰᠠᠶᠢᠬᠠᠨ ᠤ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠰᠠᠯᠪᠤᠷᠢ ᠪᠠᠭ᠎ᠠ ᠠᠩᠭᠢ ᠶᠢᠨ ᠠᠷᠠᠳ ᠤᠨ ᠴᠠᠭᠳᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ᠂ ᠤᠩᠭᠤᠨ ᠪᠠᠯᠭᠠᠰᠤᠨ ᠤ ᠰᠢᠷᠠᠴᠢᠯᠠᠭᠤ ᠭᠠᠴᠠᠭᠠᠨ ᠤ ᠮᠠᠯᠴᠢᠨ ᠵᠠᠩ ᠪᠤᠤ ᠶᠢᠨ ᠬᠡᠷ ᠲᠤ ᠬᠦᠷᠴᠦ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠷᠠᠳ ᠤᠯᠠᠨ ᠤ ᠠᠮᠢᠳᠤᠷᠠᠯ ᠳᠤ ᠦᠨᠡᠨ ᠬᠦ ᠠᠭᠤᠰᠬᠠᠵᠤ᠂ ᠤᠯᠠᠨ ᠲᠦᠮᠡᠨ ᠤ ᠰᠡᠳᠬᠢᠯ ᠳᠤ ᠦᠨᠳᠦᠰᠦᠯᠡᠭᠦᠯᠪᠡ᠃    ᠮᠡᠳᠡᠭᠡᠯᠡᠭᠴᠢ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠩ ᠴᠢᠩ ᠬᠠᠢ   
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ