ᠬᠡᠰᠢᠭᠳᠡᠨ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠬᠡᠰᠢᠭᠲᠡᠨ ᠤ ᠡᠪᠦᠯ ᠤᠨ ᠤᠯᠠᠷᠢᠯ ᠤᠨ ᠵᠤᠭᠠᠴᠠᠯ ᠤᠨ ᠨᠠᠶᠢᠷ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠠᠮᠵᠢᠯᠳᠠᠳᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/3/1
     ᠨᠢᠳᠦᠨᠦᠨ ᠤ 12 ᠳ᠋ᠤᠭᠠᠷ ᠰᠠᠷ᠎ᠠ ᠶᠢᠨ 28 ᠤ ᠡᠳᠦᠷ᠂ ᠤᠯᠠᠭᠠᠨᠬᠠᠳᠠ ᠬᠤᠲᠠ ᠶᠢᠨ ᠬᠡᠰᠢᠭᠳᠡᠨ ᠬᠤᠰᠢᠭᠤᠨ ᠤ ᠲᠠᠯᠠᠢ ᠨᠠᠭᠤᠷ ᠤᠨ ᠡᠪᠦᠯ ᠤᠨ ᠵᠢᠭᠠᠰᠤᠨ ᠠᠩᠨᠠᠯ ᠤᠨ ᠨᠠᠶᠢᠷ ᠪᠠ ︽ᠮᠦᠡᠭᠭᠦᠨ ᠡᠪᠦᠯ ᠤᠨ ᠲᠡᠮᠡᠭᠡᠨ ᠰᠤᠶᠤᠯ ᠤᠨ ᠨᠠᠶᠢᠷ︾ ᠠᠮᠵᠢᠯᠳᠠᠳᠠᠢ ᠡᠬᠢᠯᠡᠯ᠎ᠡ᠃ ᠡᠬᠢᠯᠡᠯᠳᠡ ᠶᠢᠨ ᠶᠤᠰᠤᠯᠠᠯ ᠨᠢ ᠦᠪᠡᠳᠡᠭᠰᠢ ᠶᠡᠭᠡ ᠵᠢᠭᠰᠠᠭᠠᠯ ᠤᠨ ᠲᠤᠭᠯᠠᠯᠳᠠ ᠲᠤᠮᠳᠠ᠂ ᠲᠤᠮᠳᠠᠳᠤ ᠶᠢᠨ ᠦᠨᠳᠦᠰᠦᠳᠡᠨ ᠤ ᠪᠦᠯᠬᠦᠮᠳᠡᠯ ᠢ ᠪᠡᠯᠭᠡᠳᠡᠭᠰᠡᠨ ︽ᠢᠵᠢᠯ ᠲᠦᠪᠳᠤ ᠲᠤᠭᠤᠷᠢᠭ︾ ᠲᠠᠶᠢᠰᠠᠨ ᠲᠡᠭᠡᠷ᠎ᠡ 200 ᠲᠤᠭᠯᠠᠭᠴᠢ ᠪᠤᠯᠤᠨ ᠦᠨᠳᠦᠰᠦᠳᠡᠨ ᠤ ᠬᠤᠪᠴᠠᠰᠤ ᠵᠠᠰᠠᠯ ᠢᠶᠠᠷ ᠭᠤᠶᠤᠯᠠᠭᠰᠠᠨ 1500 ᠲᠦᠯᠦᠭᠡᠯᠡᠭᠴᠢ ᠵᠢᠭᠤᠯᠴᠢᠯᠠᠯ ᠤᠨ ᠨᠠᠶᠢᠷ ᠤᠨ ᠬᠦᠰᠢᠭᠡ ᠶᠢ ᠰᠡᠬᠦᠪᠡ᠃ ᠨᠠᠶᠢᠷ ᠤᠨ ᠲᠠᠯᠠᠪᠠᠢ ᠳᠤ ︽ᠠᠨᠳᠠ︾ ᠬᠠᠮᠳᠤᠯᠢᠭ᠂ ᠲᠠᠭᠤᠴᠢᠨ ᠤᠯᠠᠭᠠᠨᠳᠤᠶᠠᠭ᠎ᠠ᠂ ᠵᠢᠶᠠᠩᠶᠠᠩᠵᠤᠸᠧᠮ᠎ᠠ᠂ ᠶᠦᠨ ᠹᠸᠢ᠂ ᠲᠠᠨ ᠵᠢᠩ ᠵᠡᠷᠭᠡ ᠤᠯᠤᠰ ᠤᠷᠤᠨ ᠳᠤ ᠪᠠᠨ ᠨᠡᠷᠡᠳᠠᠢ ᠲᠤᠭᠯᠠᠭᠴᠢᠳ ᠤᠷᠤᠯᠴᠠᠵᠤ ᠭᠤᠴᠤ ᠰᠠᠶᠢᠬᠠᠨ ᠲᠤᠭᠯᠠᠯᠳᠠ ᠪᠠᠨ ᠡᠷᠭᠦᠭᠰᠡᠨ ᠪᠦᠭᠡᠳ ᠲᠡᠮᠡᠭᠡᠨ ᠰᠤᠶᠤᠯ ᠤᠨ ᠨᠠᠶᠢᠷ ᠡᠬᠢᠯᠡᠬᠦ ᠳᠤ ᠮᠠᠨ ᠤ ᠤᠷᠤᠨ ᠤ ᠨᠡᠷᠡᠳᠦ ᠲᠠᠭᠤᠴᠢᠨ ᠮᠠᠨᠳᠠᠯᠳᠤ᠂ ᠲᠠᠪᠰᠢᠯᠳᠤ᠂ ᠤᠷᠢᠬᠠᠨ ᠨᠠᠷ ᠨᠤᠳᠤᠭ ᠤᠨ ᠢᠶᠠᠨ ᠨᠠᠶᠢᠷ ᠲᠤ ᠬᠦᠷᠦᠯᠴᠠᠨ ᠢᠷᠡᠵᠦ ᠮᠠᠯᠴᠢᠨ ᠲᠦᠮᠡᠨ ᠳᠤ ᠪᠠᠨ ᠡᠭᠡᠰᠢᠭ ᠢᠷᠡᠭᠤ ᠠᠶ᠎ᠠ ᠲᠠᠭᠤᠤ ᠪᠠᠨ ᠡᠷᠭᠦᠵᠦ ᠡᠪᠦᠯ ᠤᠨ ᠬᠦᠢᠳᠡᠨ ᠢ ᠤᠶᠠᠰᠬᠠᠪᠠ᠃
mmexport1672221413621.jpg  
mmexport1672262528044.jpg
      ᠬᠡᠰᠢᠭᠳᠡᠨ ᠤ ᠰᠤᠶᠤᠯ ᠵᠢᠭᠤᠯᠴᠢᠯᠠᠯ ᠤᠨ ᠨᠠᠶᠢᠷ ᠤᠨ ᠰᠢᠷᠢᠰ ᠠᠵᠢᠯᠯᠠᠭᠠᠨ ᠳᠤ ᠪᠦᠬᠦ ᠤᠷᠤᠨ ᠤ ᠬᠤᠪᠴᠠᠰᠤ ᠵᠠᠰᠠᠯ ᠤᠨ ᠤᠷᠠᠯᠢᠭ ᠤᠨ ᠪᠠᠶᠠᠷ᠂ ᠲᠡᠮᠡᠭᠡᠨ ᠰᠤᠶᠤᠯ ᠤᠨ ᠨᠠᠶᠢᠷ᠂ ᠮᠠᠰᠢᠨ ᠲᠡᠷᠭᠡᠨ ᠤ ᠪᠠᠶᠠᠰᠤᠯᠳᠤ ᠤᠷᠤᠯᠳᠤᠭᠠᠨ᠂ ᠮᠦᠰᠦᠨ ᠲᠡᠭᠡᠷᠡᠬᠢ ᠲᠠᠮᠢᠷ ᠤᠨ ᠴᠤᠭᠯᠠᠭᠠᠨ᠂ ᠤᠯᠠᠭᠠᠨᠬᠠᠳᠠ ᠬᠤᠳᠠ ᠶᠢᠨ ᠡᠪᠦᠯ ᠤᠨ ᠤᠯᠠᠷᠢᠯ ᠤᠨ ᠠᠷᠠᠯᠵᠢᠶᠠᠴᠢᠨ ᠤᠷᠢᠵᠦ ᠪᠡᠯᠡ ᠲᠠᠳᠠᠬᠤ ᠲᠦᠷᠦᠯ ᠵᠦᠢᠯ ᠤᠨ ᠭᠡᠷ᠎ᠡ ᠲᠤᠭᠳᠠᠬᠤ ᠶᠡᠭᠡ ᠬᠤᠷᠠᠯ᠂ ᠬᠡᠰᠢᠭᠳᠡᠨ ᠤ ᠴᠠᠰᠤᠳᠤ ᠨᠤᠳᠤᠭ ᠤᠨ ᠴᠡᠴᠡᠷᠯᠢᠭ ᠢᠶᠠᠷ ᠲᠤᠭᠤᠷᠢᠬᠤ᠂ ᠴᠠᠰᠤᠨ ᠰᠡᠶᠢᠯᠦᠮᠡᠯ ᠤᠨ ᠤᠷᠠᠯᠢᠭ ᠤᠨ ᠨᠠᠶᠢᠷ᠂ ᠲᠠᠯᠠᠢ ᠨᠠᠭᠤᠷ ᠲᠡᠭᠡᠷ᠎ᠡ ᠵᠢᠭᠠᠰᠤ ᠬᠦᠬᠢᠳᠡᠬᠦ ᠨᠠᠶᠢᠷ ᠁ ᠵᠡᠷᠭᠡ ᠰᠢᠷᠢᠰ ᠠᠵᠢᠯᠯᠠᠭᠠᠨ ᠦᠷᠨᠢᠭᠦᠯᠵᠦ᠂ ᠡᠨᠡ ᠵᠢᠯ ᠤᠨ 2 ᠳ᠋ᠤᠭᠠᠷ ᠰᠠᠷ᠎ᠠ ᠶᠢᠨ ᠰᠡᠭᠦᠯᠴᠢ ᠪᠤᠯᠳᠠᠯ᠎ᠠ ᠶᠠᠪᠤᠭᠳᠠᠪᠠ᠃
  mmexport1672310396319.jpg
      ᠡᠨᠡ ᠤᠳᠠᠭᠠᠨ ᠤ ᠠᠵᠢᠯᠯᠠᠭᠠᠨ ᠢ ᠲᠦᠪ ᠲᠧᠯᠸᠢᠰ ᠤᠨ ︽ᠪᠠᠶᠠᠰᠬᠤᠯᠠᠩᠳᠤ ᠭᠡᠷ ᠬᠤᠳᠠᠯᠠᠭᠠᠷ — 2023 ᠤᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠬᠡᠰᠢᠭᠳᠡᠨ ᠤ ᠬᠤᠪᠢᠶᠠᠷᠢ ᠲᠠᠯᠠᠪᠠᠢ︾ ᠢ ᠰᠡᠭᠦᠳᠡᠷᠯᠡᠨ ᠰᠢᠩᠭᠡᠭᠡᠪᠡ᠃       ᠮᠡᠳᠡᠭᠡᠯᠡᠭᠴᠢ᠄ ᠬᠡᠰᠢᠭᠳᠡᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠨᠠᠰᠤᠨᠵᠠᠶᠠᠭ᠎ᠠ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ