ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠠᠨ ᠰᠠᠷ᠎ᠠ ᠶᠢᠨ ᠠᠷᠪᠠᠨ ᠳᠠᠪᠤᠨ ᠤ ᠥᠯᠵᠡᠶᠢᠲᠦ ᠡᠳᠦᠷ ᠤᠨ ᠪᠠᠶᠠᠷ ᠤᠨ ᠰᠢᠷᠢᠰ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/3/1
     2023 ᠣᠨ ᠤ 2 ᠰᠠᠷ᠎ᠠ ᠶᠢᠨ 5 ᠤ ᠡᠳᠦᠷ ︵ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ︶ ᠪᠣᠯ ᠵᠢᠯ ᠳᠤ ᠨᠢᠭᠡ ᠤᠳᠠᠭ᠎ᠠ ᠶᠠᠪᠤᠭᠳᠠᠳᠠᠭ ᠥᠯᠵᠡᠶᠢᠲᠦ ᠡᠳᠦᠷ ᠤᠨ ᠪᠠᠶᠠᠷ ᠤᠨ ᠡᠳᠦᠷ ᠮᠥᠨ᠂ ᠶᠠᠩᠭᠠᠷ ᠪᠥᠵᠢᠭ ᠤᠨ ᠬᠠᠮᠲᠤᠷᠠᠭᠰᠠᠨ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠲᠣᠭᠯᠠᠯᠲᠠ᠂ ᠴᠡᠴᠡᠭᠲᠦ ᠳ᠋ᠧᠩᠯᠦ ᠶᠢᠨ ᠦᠵᠡᠭᠦᠯᠦᠯᠭᠡ ᠶᠢᠨ ᠣᠨᠢᠰᠤᠭ᠎ᠠ ᠳᠠᠭᠠᠬᠤ᠂ ᠴᠡᠴᠡᠷᠯᠢᠭ ᠢᠶᠠᠷ ᠵᠤᠭᠠᠴᠠᠬᠤ ᠵᠡᠷᠭᠡ ᠣᠯᠠᠨ ᠲᠦᠮᠡᠨᠴᠢ ᠴᠢᠨᠠᠷᠲᠠᠢ ᠠᠵᠢᠯᠯᠠᠭ᠎ᠠ ᠤᠯᠠᠭᠠᠨᠬᠤᠲᠠ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠷᠢᠳᠴᠢᠯᠠᠨ ᠭᠠᠷᠳᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ 2023 ᠣᠨ ᠤ ᠥᠯᠵᠡᠶᠢᠲᠦ ᠡᠳᠦᠷ ᠤᠨ ᠰᠣᠶᠣᠯ ᠤᠨ ᠠᠵᠢᠯᠯᠠᠭ᠎ᠠ ᠶᠢᠨ ᠠᠮᠤᠷ ᠢ ᠬᠠᠮᠠᠭᠠᠯᠠᠵᠤ ᠵᠢᠵᠢᠭᠦᠷᠯᠡᠬᠦ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠥᠯᠵᠡᠶᠢᠲᠦ ᠡᠳᠦᠷ ᠤᠨ ᠰᠢᠷᠢᠰ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠠᠮᠤᠷ ᠲᠦᠪᠰᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃
67b52fc8aab948b6880a5a371e04ec7.jpg  
      ︽ᠥᠯᠵᠡᠶᠢᠲᠦ ᠡᠳᠦᠷ ᠤᠨ ᠪᠠᠶᠠᠷ︾ ᠤᠨ ᠬᠤᠭᠤᠴᠠᠭᠠᠨ ᠳᠠᠬᠢ ᠡᠯ᠎ᠡ ᠵᠦᠢᠯ ᠤᠨ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠴᠢᠩᠭ᠎ᠠ ᠦᠨᠳᠦᠰᠦᠯᠡᠵᠦ᠂ ︽ᠴᠢᠩᠭ᠎ᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ᠂ ᠪᠣᠳᠠᠲᠠᠢ ᠠᠴᠠ ᠪᠣᠳᠠᠲᠠᠢ︾ ᠪᠠᠶᠢᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠠᠮᠤᠷ ᠢ ᠬᠠᠮᠠᠭᠠᠯᠠᠬᠤ ᠠᠵᠢᠯ ᠤᠨ ᠲᠥᠰᠥᠯ ᠢ ᠭᠦᠢᠴᠡᠳ ᠲᠤᠭᠳᠠᠭᠠᠵᠤ᠂ ᠪᠥᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃
95578093945a7e10dbee60dcdff172a.jpg  
ac9a29ebfaa059b74f0c6cbefcfcca6.jpg
      ᠠᠵᠢᠯᠯᠠᠭ᠎ᠠ ᠶᠢᠨ ᠲᠤᠬᠠᠢ ᠶᠢᠨ ᠡᠳᠦᠷ᠂ ᠲᠠᠪᠦ‍ ᠨᠢᠭᠡ ᠲᠠᠯᠠᠪᠠᠶ᠂ ᠬᠤᠲᠠ ᠶᠢᠨ ᠵᠠᠰᠠᠭ ᠤᠨ ᠣᠷᠳᠣᠨ ᠤ ᠲᠠᠯᠠᠪᠠᠶ᠂ ᠪᠧᠢ ᠱᠠᠨ ᠴᠡᠴᠡᠷᠯᠢᠭ ᠵᠡᠷᠭᠡ ᠠᠵᠢᠯᠯᠠᠭ᠎ᠠ ᠶᠢᠨ ᠭᠠᠵᠠᠷ ᠲᠤ ᠢᠷᠡᠵᠦ ᠠᠵᠢᠯᠯᠠᠭ᠎ᠠ ᠳᠤ ᠣᠷᠤᠯᠴᠠᠬᠤ ᠣᠯᠠᠨ ᠲᠦᠮᠡᠨ ᠲᠠᠰᠤᠷᠠᠯᠲᠠ ᠦᠭᠡᠢ ᠴᠤᠪᠤᠷᠠᠵᠤ ᠪᠠᠶᠢᠯ᠎ᠠ᠃ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠭᠦᠷᠭᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ᠲᠤᠬᠠᠢ ᠶᠢᠨ ᠲᠠᠯᠠᠪᠤᠷ ᠤᠨ ᠡᠮᠬᠢ ᠵᠢᠷᠤᠮ ᠲᠠᠢ᠂ ᠠᠮᠤᠷ ᠲᠦᠪᠰᠢᠨ᠂ ᠣᠯᠠᠨ ᠲᠦᠮᠡᠨ ᠳᠤ ᠲᠥᠬᠦᠮ ᠦᠵᠡᠭᠦᠯᠬᠦ ᠶᠢ ᠦᠨᠡᠨ ᠬᠦ ᠪᠠᠲᠤᠯᠠᠬᠤ ᠵᠠᠷᠴᠢᠮ ᠳᠤ ᠰᠠᠭᠤᠷᠢᠯᠠᠨ᠂ ᠡᠯ᠎ᠡ ᠠᠮᠦᠷ ᠢ ᠬᠠᠮᠠᠭᠠᠯᠠᠬᠤ ᠳᠤ ᠣᠷᠣᠯᠴᠠᠭᠰᠠᠨ ᠴᠠᠭᠳᠠᠭᠠᠨ ᠤ ᠲᠥᠷᠥᠯ ᠤᠨ ᠬᠢᠨ ᠠᠮᠤᠷ ᠢ ᠬᠠᠮᠠᠭᠠᠯᠠᠬᠤ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢᠨ ᠬᠠᠮᠲᠤ ᠠᠮᠤᠷ ᠢ ᠬᠠᠮᠠᠭᠠᠯᠠᠬᠤ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠳᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠵᠦ᠂ ᠡᠯ᠎ᠡ ᠠᠵᠢᠯᠯᠠᠭᠠᠨ ᠤ ᠴᠡᠭ ᠤᠨ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠠᠮᠤᠷ ᠢ ᠬᠠᠮᠠᠭᠠᠯᠠᠬᠤ ᠠᠵᠢᠯ ᠳᠤ ᠥ ᠰᠠᠪ ᠦᠭᠡᠢ᠂ ᠥᠨᠴᠥᠭ ᠪᠤᠯᠤᠩ ᠦᠭᠡᠢ᠂ ᠳᠠᠯᠳᠠ ᠬᠡᠮ ᠦᠭᠡᠢ ᠪᠠᠶᠢᠬᠤ ᠶᠢ ᠦᠨᠡᠨ ᠬᠦ ᠪᠠᠳᠤᠯᠠᠪᠠ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ