ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2022 ᠣᠨ ᠤ ᠰᠢᠯᠢ ᠶᠢᠨ ᠭᠤᠤᠯ ᠠᠶᠢᠮᠠᠭ ᠤᠨ ᠵᠡᠭᠦᠨ ᠬᠡᠰᠡᠭ ᠤᠨ ᠬᠤᠰᠢᠭᠤ ᠬᠤᠲᠠ ᠲᠣᠭᠤᠷᠢᠭ ᠤᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠳᠠᠶᠢᠴᠢᠯᠠᠯᠲᠠ ᠶᠢᠨ ᠰᠣᠷᠢᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/3/1
     2022 ᠣᠨ ᠤ 11 ᠰᠠᠷ᠎ᠠ ᠶᠢᠨ 16 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭ᠎ᠠ ᠶᠢᠨ ᠶᠡᠭᠡ ᠠᠩᠭᠢ ᠲᠦᠷᠦᠭᠦᠯᠡᠨ ᠰᠢᠯᠢ ᠶᠢᠨ ᠭᠤᠤᠯ ᠠᠶᠢᠮᠠᠭ ᠤᠨ ᠵᠡᠭᠦᠨ ᠬᠡᠰᠡᠭ ᠤᠨ ᠬᠤᠰᠢᠭᠤ ᠬᠤᠲᠠ ᠲᠣᠭᠤᠷᠢᠭ ᠤᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠲᠠᠶᠢᠴᠢᠯᠠᠯᠲᠠ ᠶᠢᠨ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
微信图片_20221209133413.jpg  
微信图片_202212091334135.jpg
      ᠲᠣᠰ ᠤᠳᠠᠭᠠᠨ ᠤ ᠣᠷᠣᠨ ᠪᠦᠰᠡ ᠠᠯᠤᠰᠯᠠᠨ ᠲᠠᠶᠢᠴᠢᠯᠠᠯᠲᠠ ᠶᠢᠨ ᠰᠣᠷᠢᠯᠲᠠ ᠶᠢᠨ ᠠᠵᠢᠯᠯᠠᠭ᠎ᠠ ᠳᠤ ᠰᠢᠯᠢᠩᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠠᠭᠠᠶ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭ᠎ᠠ ᠶᠢᠨ ᠶᠡᠭᠡ ᠠᠩᠭᠢ ᠣᠷᠤᠯᠴᠠᠪᠠ᠃
 微信图片_2022120913341314.jpg 
      ᠰᠣᠷᠢᠯᠲᠠ ᠶᠢᠨ ᠠᠵᠢᠯᠯᠠᠭ᠎ᠠ ᠰᠦᠷ ᠵᠢᠪᠬᠤᠯᠠᠩᠲᠤ ᠤᠯᠤᠰ ᠤᠨ ᠳᠠᠭᠤᠤ ᠶᠢᠨ ᠠᠶᠠᠰ ᠤᠨ ᠳᠤᠮᠳᠠ ᠬᠥᠰᠢᠭᠡ ᠪᠠᠨ ᠰᠡᠬᠦᠵᠦ᠂ ᠡᠯ᠎ᠡ ᠰᠣᠷᠢᠯᠲᠠ ᠳᠤ ᠣᠷᠣᠯᠴᠠᠬᠤ ᠨᠢᠭᠡᠴᠢ ᠠᠵᠢᠯᠯᠠᠭ᠎ᠠ ᠶᠢᠨ ᠶᠠᠪᠤᠴᠠ ᠶᠣᠰᠣᠭᠠᠷ ᠬᠠᠷᠢᠭᠤ ᠮᠡᠳᠡᠭᠦᠯᠦᠯᠲᠡ ᠶᠢᠨ ᠪᠣᠯᠪᠠᠰᠤᠷᠠᠯ ᠤᠨ ᠲᠥᠷᠥᠯ ᠢ ᠪᠡᠶᠡᠯᠡᠭᠦᠯᠵᠦ᠂ ᠬᠠᠮᠤᠭ ᠰᠡᠭᠦᠯ ᠳᠤ ᠡᠯ᠎ᠡ ᠰᠣᠷᠢᠯᠲᠠ ᠳᠤ ᠣᠷᠣᠯᠴᠠᠬᠤ ᠨᠢᠭᠡᠴᠢ᠂ ᠬᠠᠮᠲᠤ ᠶᠢᠨ ᠴᠢᠨᠠᠷᠲᠠᠶ ᠬᠡᠷᠡᠭ ᠶᠠᠪᠤᠳᠠᠯ ᠢ ᠰᠢᠢᠳᠪᠦᠷᠢᠯᠡᠬᠦ ᠰᠣᠷᠢᠯᠲᠠ ᠶᠢᠨ ᠬᠢᠴᠢᠶᠡᠯ ᠲᠥᠷᠥᠯ ᠢ ᠨᠢᠭᠡᠳᠦᠯᠲᠡᠶ ᠥᠷᠨᠢᠭᠦᠯᠵᠦ᠂ ᠠᠯᠤᠰ ᠵᠠᠶ ᠶᠢᠨ ᠬᠥᠳᠡᠯᠦᠩᠭᠦᠶ ᠲᠦᠷᠭᠡᠨ ᠲᠤᠰᠬᠠᠯ ᠤᠨ ᠵᠡᠪᠰᠡᠭᠲᠦ ᠬᠦᠴᠦᠨ ᠢᠶᠠᠷ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠣᠳᠠᠲᠤ ᠪᠠᠶᠢᠯᠳᠤᠭᠠᠨᠴᠢᠯᠠᠯᠲᠠ ᠶᠢᠨ ᠴᠢᠳᠠᠪᠤᠷᠢ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃    ᠮᠡᠳᠡᠭᠡᠯᠡᠭᠴᠢ᠄ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠭᠳᠠᠭᠤᠨᠪᠠᠶᠠᠷ᠂ ᠬᠡᠰᠢᠭ   
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠤᠪᠴᠢᠶ᠎ᠠ