ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ 2.1 ᠲᠦᠮᠡᠨ ᠵᠡᠭᠡᠯᠢ ᠳᠡᠭᠡᠷᠡᠬᠢ ᠴᠠᠭᠳᠠᠭᠠᠨ ᠤ ᠶᠠᠪᠤᠳᠠᠯ ᠤᠨ ᠥᠷᠲᠡᠭᠡ ᠶᠢ ᠲᠠᠰ ᠳᠡᠪᠰᠢᠭᠦᠯᠵᠦ᠂ ᠡᠳᠦᠷ ᠪᠦᠷᠢ ᠳᠤᠮᠳᠠᠴᠢ ᠪᠠᠷ 74 ᠲᠦᠮᠡᠨ ᠴᠠᠭᠳᠠᠨ ᠰᠡᠷᠭᠡᠶᠢᠯᠡᠬᠦ ᠬᠦᠴᠦᠨ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ ᠪᠣᠶ
ᠨᠡᠶᠢᠲᠡᠯᠡᠭᠰᠡᠨ ᠴᠠᠭ᠄
2023/3/2
     ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠪᠣᠯ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠰᠠᠭᠤᠷᠢ ᠴᠢᠨᠠᠷᠲᠠᠢ ᠢᠨᠵᠧᠨᠧᠷᠢᠩ ᠮᠥᠨ᠃ ᠨᠢᠳᠤᠨᠤᠨ ᠠᠴᠠ ᠨᠠᠭᠠᠰᠢ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠩᠬᠠᠨ ᠤ ᠪᠦᠯᠦᠭ ᠤᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ︽ᠵᠢᠱᠢᠶ᠎ᠡ ᠦᠵᠡᠭᠦᠯᠬᠦ ᠬᠤᠲᠠ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠠᠶᠢᠷᠢᠯᠠᠭᠤᠯᠵᠤ᠂ ︽ᠲᠤᠭᠤᠷᠢᠭ ᠱᠠᠲᠤ ᠪᠠᠷ ᠪᠠᠶᠢᠴᠠᠭᠠᠨ ᠡᠵᠡᠮᠳᠡᠬᠦ᠂ ᠣᠷᠤᠴᠠ ᠪᠠᠷ ᠰᠡᠷᠭᠡᠶᠢᠯᠡᠨ ᠡᠵᠡᠮᠳᠡᠬᠦ᠂ ᠡᠯᠧᠮᠧᠨ᠋ᠲ ᠢᠶᠠᠷ ᠬᠠᠮᠢᠶᠠᠷᠤᠨ ᠡᠵᠡᠮᠳᠡᠬᠦ︾ ᠶᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠪᠦᠲᠦᠮᠵᠢᠲᠡᠶ ᠪᠠᠷ ᠬᠥᠲᠥᠯᠥᠨ ᠲᠠᠶᠢᠴᠢᠯᠠᠵᠦ ᠲᠡᠰ ᠳᠡᠪᠰᠢᠭᠦᠯᠦᠨ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠦᠬᠦᠯᠢ ᠴᠣᠭᠴᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ᠋ᠢᠴᠡ ᠪᠣᠯᠭᠠᠪᠠ᠃     ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠤᠷ᠎ᠠ᠂︽ᠵᠢᠱᠢᠶ᠎ᠡ ᠦᠵᠡᠭᠦᠯᠬᠦ ᠬᠤᠲᠠ︾ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠳᠬᠠᠪᠠ᠃ ᠣᠲᠣ ᠪᠣᠯᠲᠠᠯ᠎ᠠ᠂ ᠪᠥᠬᠦ ᠤᠯᠤᠰ ᠲᠤ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡ ᠶᠢ ᠨᠡᠶᠢᠲᠡ 5026 ᠪᠠᠶᠢᠭᠤᠯᠵᠤ᠂ ᠵᠡᠭᠡᠯᠢ ᠳᠡᠭᠡᠷᠡᠬᠢ ᠴᠠᠭᠳᠠᠭᠠᠨ ᠤ ᠶᠠᠪᠤᠳᠠᠯ ᠤᠨ ᠥᠷᠲᠡᠭᠡ ᠶᠢ 2.1 ᠲᠦᠮᠡᠨ ᠪᠠᠶᠢᠭᠤᠯᠵᠤ᠂ ᠨᠡᠶᠢᠭᠡᠮ ᠤᠨ ᠲᠠᠯ᠎ᠠ ᠶᠢᠨ ᠴᠠᠭᠳᠠᠨ ᠰᠡᠷᠭᠡᠶᠢᠯᠡᠬᠦ ᠬᠦᠴᠦᠨ ᠢ ᠡᠳᠦᠷ ᠪᠦᠷᠢ 74 ᠲᠦᠮᠡᠨ ᠬᠦᠮᠦᠨ ᠣᠷᠣᠭᠤᠯᠤᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠵᠡᠭᠡᠯᠢ ᠳᠡᠭᠡᠷᠡᠬᠢ ᠴᠠᠭᠳᠠᠭ᠎ᠠ ᠶᠢ ᠣᠯᠵᠤ ᠦᠵᠡᠬᠦ ᠨᠣᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠣᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ ᠠᠷᠠᠳ ᠣᠯᠠᠨ ᠳᠤ ᠠᠮᠤᠷ ᠲᠦᠪᠰᠢᠨ ᠪᠠᠶᠢᠬᠤ ᠶᠢ ᠮᠡᠳᠡᠷᠡᠭᠦᠯᠵᠦ ᠪᠠᠶᠢᠨ᠎ᠠ᠃ ᠪᠥᠬᠦ ᠤᠯᠤᠰ ᠲᠤ ᠨᠢᠭᠡᠨᠲᠡ 30 ᠲᠦᠮᠡ ᠰᠢᠬᠠᠮ ᠣᠶᠤᠨᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠵᠢᠵᠢᠭ ᠲᠣᠭᠤᠷᠢᠭ ᠢ ᠪᠠᠶᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ 2022 ᠣᠨ ᠳᠤ᠂ ᠨᠡᠶᠢᠲᠡ 21.8 ᠲᠦᠮᠡᠨ ᠰᠠᠭᠤᠭᠠᠯᠢ ᠲᠣᠭᠤᠷᠢᠭ ᠲᠤ ︽ᠬᠡᠷᠡᠭ ᠣᠭᠲᠣ ᠭᠠᠷᠤᠭᠰᠠᠨ ᠥᠬᠡᠶ︾ ᠪᠠᠶᠢᠳᠠᠯ ᠢ ᠪᠡᠶᠡᠯᠡᠭᠦᠯᠪᠡ᠃     ᠠᠵᠢᠯ ᠤᠨ ᠳᠤᠮᠳᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠣᠷᠣᠨ ᠪᠦᠰᠡ ᠠᠯᠤᠰᠯᠠᠭᠰᠠᠨ᠂ ᠴᠠᠭᠳᠠᠭᠠᠨ ᠤ ᠲᠥᠷᠥᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠬᠤ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢᠨ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠂ ᠨᠠᠷᠢᠯᠢᠭ ᠣᠨᠣᠴᠠᠲᠠᠶ ᠴᠢᠨᠠᠷ ᠢ ᠢᠯᠡᠳᠲᠡ ᠴᠢᠩᠭᠠᠳᠬᠠᠪᠠ᠃ ᠡᠭᠦᠨ ᠤ ᠬᠠᠮᠲᠤ᠂ ᠡᠯ᠎ᠡ ᠲᠠᠯ᠎ᠠ ᠶᠢᠨ ᠬᠦᠴᠦᠨ ᠢ ᠭᠦᠢᠴᠡᠳ ᠳᠠᠶᠢᠴᠢᠯᠠᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠳᠤ ᠬᠠᠮᠲᠤ ᠪᠠᠷ ᠣᠷᠣᠯᠴᠠᠭᠤᠯᠵᠤ᠂ ᠣᠯᠠᠨ ᠲᠦᠮᠡᠨ ᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠬᠤ ᠠᠷᠭ᠎ᠠ ᠵᠠᠮ ᠪᠠ ᠠᠷᠭ᠎ᠠ ᠠᠪᠴᠠᠯ ᠢ ᠤᠯᠠᠮ ᠨᠢᠭᠡ ᠠᠯᠬᠤᠮ ᠥᠷᠭᠡᠳᠬᠡᠨ᠂ ︽ᠴᠤᠤᠶᠠᠩ ᠤᠨ ᠣᠯᠠᠨ ᠲᠦᠮᠡᠨ︾ ︽ᠬᠠᠩᠵᠧᠦ ᠶᠢᠨ ᠵᠢᠷᠤᠮ ᠤᠨ ᠴᠠᠭᠳᠠᠭ᠎ᠠ︾ ︽ᠰᠢᠶᠠᠮᠧᠨ ᠤ ᠠᠷᠠᠳ ᠢᠷᠭᠡᠳ︾ ᠵᠡᠷᠭᠡ ᠣᠯᠠᠨ ᠲᠦᠮᠡᠨ ᠤ ᠰᠡᠷᠭᠡᠶᠢᠯᠡᠨ ᠵᠠᠰᠠᠬᠤ ᠨᠢᠭᠡ ᠪᠦᠯᠦᠭ ᠨᠠᠷᠠᠲᠤ ᠲᠡᠮᠳᠡᠭ ᠴᠣᠯᠭᠤᠷᠠᠨ ᠭᠠᠷᠴᠤ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠪᠠᠶᠢᠷᠢᠰᠢᠯ ᠢ ᠦᠨᠳᠦᠰᠦᠨ ᠳᠤ ᠪᠠᠨ ᠪᠦᠷᠢᠯᠳᠦᠭᠦᠯᠪᠡ᠃     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠱᠢᠶ᠎ᠡ ᠦᠵᠡᠭᠦᠯᠬᠦ ᠬᠤᠳᠠ︾ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠳᠤ ᠠᠬᠢᠭᠤᠯᠵᠤ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ 
ᠢᠷᠡᠯᠲᠡ᠄ ᠲᠣᠳᠤᠭᠠᠳᠤ ᠶᠢ ᠬᠠᠮᠠᠭᠠᠯᠠᠬᠤ ᠶᠠᠮᠤᠨ ᠤ ᠰᠦᠯᠵᠢᠶ᠎ᠡ