ᠪᠣᠭᠤᠲᠣ ᠬᠤᠲᠠ ᠶᠢᠨ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠠᠯᠭᠠᠭᠠᠪᠡᠷ ᠬᠤᠤᠷᠲᠤ ᠡᠳ᠋ ᠫᠠᠨᠽᠠᠯᠠᠭᠰᠠᠨ ᠬᠤᠶᠠᠷ ᠬᠡᠷᠡᠭ ᠢ ᠳᠡᠩᠨᠡᠨ ᠢᠯᠡᠷᠡᠭᠦᠯᠪᠡ
ᠨᠡᠶᠢᠲᠡᠯᠡᠭᠰᠡᠨ ᠴᠠᠭ᠄
2023/3/24
    ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠤᠶᠠᠷ ᠤᠳᠠᠭᠠᠨ ᠤ ᠬᠤᠣᠷᠲᠤ ᠡᠳ᠋ ᠫᠠᠨᠽᠠᠯᠠᠭᠰᠠᠨ ᠬᠡᠷᠡᠭ ᠢ ᠢᠯᠡᠷᠡᠭᠦᠯᠦᠭᠰᠡᠨ ᠰᠠᠭᠤᠷᠢᠨ ᠳᠡᠭᠡᠷ᠎ᠡ᠂ ᠦᠢᠯᠡ ᠠᠵᠢᠯᠯᠠᠭ᠎ᠠ ᠶᠢ ᠨᠢᠭᠡ ᠴᠤᠭᠴᠠᠵᠢᠭᠤᠯᠤᠨ ᠨᠡᠶᠢᠯᠡᠭᠦᠯᠦᠨ ᠪᠠᠶᠢᠯᠳᠤᠬᠤ ᠵᠠᠭᠪᠤᠷ ᠲᠤ ᠲᠦᠰᠢᠭᠯᠡᠨ᠂ ᠮᠡᠳᠡᠭᠡ ᠵᠠᠩᠭᠢ ᠶᠢᠨ ᠨᠢᠭᠤᠴᠠ ᠮᠡᠳᠡᠭᠡᠨ ᠤ ᠳᠠᠶᠢᠨ ᠢᠶᠠᠷ ᠲᠦᠰᠢᠭ ᠪᠣᠯᠭᠠᠨ᠂ ᠲᠣᠭᠤᠷᠢᠨ ᠪᠠᠶᠢᠴᠠᠭᠠᠵᠤ ᠮᠥᠷᠳᠡᠨ᠂ ᠨᠠᠷᠢᠨ ᠨᠢᠮᠪᠠᠶ ᠪᠠᠶᠢᠷᠢᠯᠠᠭᠤᠯᠵᠤ᠂ ᠴᠠᠭᠳᠠᠭᠠᠨ ᠤ ᠲᠥᠷᠥᠯ ᠤᠨ ᠬᠢᠨ ᠬᠤᠯᠪᠣᠭᠠᠯᠠᠨ ᠬᠥᠳᠡᠯᠦᠯᠴᠡᠵᠦ᠂ ᠵᠠᠯᠭᠠᠭᠠᠪᠡᠷ ᠬᠤᠶᠠᠷ ᠤᠳᠠᠭᠠᠨ ᠤ ᠬᠤᠤᠷᠲᠤ ᠡᠳ᠋ ᠤᠨ ᠡᠷᠡᠭᠦᠤ ᠶᠢᠨ ᠬᠡᠷᠡᠭ ᠢ ᠢᠯᠡᠷᠡᠭᠦᠯᠵᠦ᠂ ᠪᠤᠰᠤᠳ ᠢ ᠦᠯᠡᠳᠡᠭᠡᠨ ᠠᠪᠴᠤ ᠬᠤᠤᠷᠲᠤ ᠡᠳ᠋ ᠲᠠᠲᠠᠭᠰᠠᠨ ᠶᠠᠯ᠎ᠠ ᠬᠢᠭᠰᠡᠨ ᠰᠡᠵᠢᠭᠯᠡᠯᠲᠡᠶ 1 ᠬᠥᠮᠦᠨ᠂ ᠬᠤᠤᠷᠲᠤ ᠡᠳ᠋ ᠫᠠᠨᠽᠠᠯᠠᠭᠰᠠᠨ ᠶᠠᠯ᠎ᠠ ᠬᠢᠭᠰᠡᠨ ᠰᠡᠵᠢᠭᠯᠡᠯᠲᠡᠶ 1 ᠬᠥᠮᠦᠨ᠂ ᠬᠠᠤᠯᠢ ᠵᠥᠷᠢᠴᠡᠨ ᠬᠤᠣᠷ ᠲᠠᠲᠠᠭᠰᠠᠨ 3 ᠬᠥᠮᠦᠨ ᠢ ᠠᠮᠵᠢᠯᠲᠠ ᠲᠠᠢ ᠪᠠᠷ ᠪᠠᠷᠢᠪᠴᠢᠯᠠᠵᠤ᠂ ᠠᠨᠨᠠᠺᠧᠷ ᠢ 10.8g ᠣᠯᠵᠠᠯᠠᠭᠠᠳ᠂ ᠵᠢᠦ ᠶᠤᠸᠠᠨ ᠲᠣᠭᠤᠷᠢᠭ ᠲᠤ ᠨᠢᠭᠤᠨ ᠳᠠᠯᠳᠠᠯᠠᠭᠰᠠᠨ ᠨᠢᠭᠡᠨ ᠬᠤᠤᠷᠲᠤ ᠡᠳ᠋ ᠲᠤ ᠬᠤᠯᠪᠣᠭᠳᠠᠭᠰᠠᠨ ᠬᠠᠤᠯᠢ ᠵᠥᠷᠢᠴᠡᠭᠰᠡᠨ ᠶᠠᠯᠠᠲᠤ ᠪᠦᠯᠦᠭ ᠲᠤ ︽ᠪᠥᠬᠦ ᠬᠡᠯᠬᠢᠶ᠎ᠡ︾ ᠶᠢᠨ ᠴᠣᠬᠢᠯᠲᠠ ᠥᠭᠬᠦ ᠶᠢ ᠪᠡᠶᠡᠯᠡᠭᠦᠯᠪᠡ᠃    2023 ᠣᠨ ᠤ 3 ᠰᠠᠷ᠎ᠠ ᠶᠢᠨ 7 ᠤ ᠡᠳᠦᠷ᠂ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠤᠷᠲᠤ ᠡᠳ᠋ ᠢ ᠴᠠᠭᠠᠵᠠᠯᠠᠬᠤ ᠶᠡᠭᠡ ᠠᠩᠭᠢ ᠶᠢᠨ ᠬᠢᠨ ᠪᠠᠷᠢᠵᠤ ᠠᠪᠤᠭᠰᠠᠨ ᠨᠢᠭᠡ ᠬᠤᠤᠷ ᠲᠠᠲᠠᠭᠴᠢ ᠳᠤ ᠭᠦᠨᠵᠡᠭᠡᠶ ᠰᠤᠳᠤᠯᠤᠨ ᠮᠠᠭᠠᠳᠯᠠᠯᠲᠠ᠂ ᠵᠠᠳᠠᠯᠤᠯᠲᠠ ᠬᠢᠬᠦ ᠳᠤ ᠪᠠᠨ ᠰᠢᠨ᠎ᠡ ᠰᠦᠪᠡᠭᠴᠢ ᠣᠯᠵᠤ᠂ ᠡᠭᠦᠨ ᠤ ᠤᠯᠠᠮ ᠢᠶᠠᠷ ᠨᠢᠭᠡ ᠬᠤᠤᠷᠲᠤ ᠡᠳ᠋ ᠤᠨ ᠶᠠᠯ᠎ᠠ ᠬᠢᠭᠰᠡᠨ ᠰᠡᠵᠢᠭᠳᠡᠨ ᠢ ᠪᠠᠶᠢᠴᠠᠭᠠᠨ ᠳᠣᠲᠣᠯᠠᠵᠠᠶ᠃ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠲᠣᠰ ᠰᠦᠪᠡᠭᠴᠢ ᠶᠢᠨ ᠲᠣᠭᠤᠷᠢᠨ ᠳᠤ ᠪᠠᠶᠢᠴᠠᠭᠠᠯᠲᠠ ᠬᠢᠵᠦ᠂ ᠭᠦᠨᠵᠡᠭᠡᠶ ᠵᠢᠭᠰᠠᠭᠠᠨ ᠪᠠᠶᠢᠴᠠᠭᠠᠬᠤ᠂ ᠰᠦᠯᠵᠢᠶᠡᠨ ᠳᠡᠭᠡᠷ᠎ᠡ ᠰᠤᠳᠤᠯᠤᠨ ᠮᠠᠭᠠᠳᠯᠠᠬᠤ᠂ ᠰᠠᠬᠢᠨ ᠡᠵᠡᠮᠳᠡᠬᠦ᠂ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠬᠤ ᠪᠠᠷ ᠳᠠᠮᠵᠢᠭᠤᠯᠤᠨ᠂ ᠸᠠᠩ ᠣᠪᠣᠭᠲᠤ ᠲᠡᠭᠦᠨ ᠤ ᠬᠤᠷᠢᠨᠭᠡᠷ ᠪᠠᠯᠭᠠᠰᠤᠨ ᠤ ᠲᠦᠷᠢᠶᠡᠰᠦᠯᠡᠭᠰᠡᠨ ᠪᠠᠶᠢᠰᠢᠩ ᠳᠤ ᠪᠤᠰᠤᠳ ᠬᠥᠮᠦᠨ ᠢ ᠣᠯᠠᠨ ᠤᠳᠠᠭ᠎ᠠ ᠦᠯᠡᠳᠡᠭᠡᠵᠦ ᠬᠤᠤᠷᠲᠤ ᠡᠳ᠋ ᠲᠠᠲᠠᠭᠤᠯᠤᠭᠰᠠᠨ ᠶᠠᠯᠠᠲᠤ ᠬᠡᠷᠡᠭ ᠢ ᠪᠠᠶᠢᠴᠠᠭᠠᠨ ᠳᠣᠲᠣᠯᠠᠵᠠᠶ᠃ ᠡᠭᠦᠨ ᠤ ᠳᠠᠷᠠᠭ᠎ᠠ᠂ ᠬᠤᠤᠷᠲᠤ ᠡᠳ᠋ ᠴᠠᠭᠠᠵᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠬᠤᠷᠢᠨᠭᠡᠷ ᠤᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠶᠢᠨ ᠬᠠᠮᠵᠢᠯᠴᠠᠭ᠎ᠠ ᠪᠠᠷ 15 ᠴᠠᠭ ᠰᠢᠬᠠᠮ ᠤᠨ ᠰᠠᠬᠢᠨ ᠭᠡᠲᠡᠬᠦ ᠪᠠᠷ ᠳᠡᠮᠵᠢᠨ᠂ ᠬᠤᠤᠷᠲᠤ ᠡᠳ᠋ ᠫᠠᠨᠽᠠᠯᠠᠭᠰᠠᠨ ᠢᠶᠠᠷ ᠰᠡᠵᠢᠭᠯᠡᠭᠳᠡᠭᠰᠡᠨ ᠶᠠᠯ᠎ᠠ ᠬᠢᠭᠰᠡᠨ ᠰᠡᠵᠢᠭᠳᠡᠨ ᠸᠠᠩ ᠣᠪᠣᠭᠲᠤ ᠶᠢ ᠠᠮᠵᠢᠯᠲᠠᠲᠠᠶ ᠪᠠᠷᠢᠪᠴᠢᠯᠠᠪᠠ᠃ ᠭᠡᠨᠡᠳᠲᠡ ᠶᠢᠨ ᠰᠢᠭᠦᠯᠲᠡ ᠪᠠ ᠰᠢᠨᠲᠠᠷᠠᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠬᠤᠣᠷᠲᠤ ᠡᠳ᠋ ᠲᠠᠲᠠᠭᠰᠠᠨ ᠬᠠᠤᠯᠢ ᠶᠢ ᠵᠥᠷᠢᠴᠡᠭᠰᠡᠨ ᠵᠢᠶᠠᠩ ᠣᠪᠣᠭᠲᠤ᠂ ᠴᠢᠨ ᠣᠪᠣᠭᠲᠤ ᠵᠡᠷᠭᠡ ᠬᠥᠮᠦᠰ ᠢ ᠪᠠᠷᠢᠪᠴᠢᠯᠠᠨ ᠠᠪᠴᠢᠷᠠᠪᠠ᠃    ᠣᠲᠣ ᠪᠣᠯᠲᠠᠯ᠎ᠠ᠂ ᠶᠠᠯ᠎ᠠ ᠬᠢᠭᠰᠡᠨ ᠬᠤᠶᠠᠷ ᠰᠡᠵᠢᠭᠳᠡᠨ ᠢ ᠨᠢᠭᠡᠨᠲᠡ ᠬᠠᠤᠯᠢ ᠶᠣᠰᠣᠭᠠᠷ ᠡᠷᠡᠭᠦᠤ ᠶᠢᠨ ᠬᠡᠷᠡᠭ ᠢᠶᠠᠷ ᠲᠦᠷ ᠬᠤᠷᠢᠵᠤ᠂ ᠭᠤᠷᠪᠠᠨ ᠬᠤᠤᠷ ᠲᠠᠲᠠᠭᠴᠢ ᠶᠢ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠲᠦᠷ ᠬᠤᠷᠢᠵᠤ᠂ ᠬᠡᠷᠡᠭ ᠢ ᠶᠠᠭ ᠤᠯᠠᠮ ᠨᠢᠭᠡ ᠠᠯᠬᠤᠮ ᠭᠦᠨᠵᠡᠭᠡᠶ ᠮᠠᠯᠲᠠᠵᠤ  ᠰᠦᠪᠡᠭᠴᠢ ᠶᠢ ᠥᠷᠭᠡᠳᠬᠡᠨ ᠲᠠᠩᠨᠠᠨ ᠰᠢᠢᠳᠪᠦᠷᠢᠯᠡᠵᠦ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨ ︽ᠬᠠᠪᠤᠷ ᠤᠨ ᠤᠯᠠᠷᠢᠯ ᠤᠨ ᠳᠠᠭᠠᠷᠢᠯᠲᠠ︾ ᠳᠤ ᠬᠦᠴᠦᠲᠡᠶ ᠴᠣᠬᠢᠯᠲᠠ ᠥᠭᠬᠦ ᠪᠠᠶᠢᠳᠠᠯ ᠢᠶᠠᠨ ᠦᠷᠭᠦᠯᠵᠢᠯᠡᠨ ᠴᠢᠩᠭᠠᠳᠬᠠᠵᠤ᠂ ᠴᠢᠩᠭ᠎ᠠ ᠴᠣᠬᠢᠯᠲᠠ ᠥᠭᠴᠦ ᠴᠢᠩᠭ᠎ᠠ ᠵᠠᠰᠠᠵᠤ ᠴᠢᠩᠭ᠎ᠠ ᠬᠠᠮᠢᠶᠠᠷᠬᠤ ᠶᠢ ᠪᠠᠷᠢᠮᠲᠠᠯᠠᠨ᠂ ᠬᠤᠤᠷ ᠴᠠᠭᠠᠵᠠᠯᠠᠬᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠯᠠᠪᠳᠠᠭᠤᠨ ᠪᠠᠲᠤᠲᠠᠶ ᠪᠠᠷ ᠳᠡᠭᠡᠭᠰᠢᠯᠡᠭᠦᠯᠵᠦ᠂ ᠴᠠᠭᠳᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠤᠨ᠂ ᠦᠨᠳᠦᠰᠦᠨ ᠱᠠᠲᠤᠨ ᠤ ᠰᠠᠯᠪᠤᠷᠢ ᠠᠩᠭᠢ ᠶᠢᠨ ᠬᠦᠴᠦᠨ ᠢ ᠶᠡᠷᠦᠩᠬᠡᠶᠢᠯᠡᠨ᠂ ᠨᠡᠶᠢᠭᠡᠮ ᠤᠨ ᠲᠠᠯ᠎ᠠ ᠶᠢᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠤᠤᠷ ᠴᠠᠭᠠᠵᠠᠯᠠᠬᠤ ᠲᠡᠮᠡᠴᠡᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠨ᠂ ᠬᠤᠤᠷ ᠲᠠᠲᠠᠬᠤ ᠬᠥᠮᠦᠰ ᠤᠨ ᠦᠷᠡᠵᠢᠨ ᠳᠡᠯᠭᠡᠷᠡᠬᠦ ᠬᠥᠷᠥᠰᠥ ᠰᠢᠷᠣᠶ ᠶᠢ ᠠᠷᠢᠯᠭᠠᠵᠤ᠂ ᠬᠤᠤᠷᠲᠤ ᠡᠳ᠋ ᠤᠨ ᠬᠤᠤᠷ ᠬᠥᠨᠥᠭᠡᠯ ᠢ ᠪᠠᠭᠠᠰᠬᠠᠨ᠂ ᠪᠥᠬᠦ ᠣᠷᠣᠨ ᠤ ᠬᠤᠤᠷ ᠴᠠᠭᠠᠵᠠᠯᠠᠬᠤ ᠠᠮᠤᠷ ᠲᠦᠪᠰᠢᠨ ᠤ ᠬᠠᠮᠠᠭᠠᠯᠠᠯᠲᠠ ᠳᠤ ᠬᠦᠴᠦᠨ ᠴᠢᠳᠠᠯ ᠢᠶᠠᠨ ᠡᠷᠭᠦᠨ᠎ᠡ︕
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ