ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ︽ᠴᠢᠮᠡᠭᠡ ᠮᠡᠳᠡᠭᠡ᠂ ᠵᠢᠯᠣᠭᠤᠳᠬᠤ᠂ ᠠᠵᠢᠯᠯᠠᠭ᠎ᠠ︾ ᠶᠢ ᠨᠢᠭᠡ ᠴᠣᠠᠠᠴᠠᠵᠢᠭᠤᠯᠥᠠᠠᠰᠠᠨ ᠠᠵᠢᠯᠯᠠᠭᠠᠨ ᠤ ᠲᠣᠭᠲᠠᠴᠠ ᠶᠢᠨ ᠪᠠᠶᠢᠭᠤᠯᠤᠯᠲᠠ ᠶᠢᠨ ᠪᠠᠶᠢᠴᠠᠭᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/3/27
     ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠨᠠᠷ ᠤᠨ ᠬᠤᠷᠠᠯ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠣᠲᠣᠭᠠᠳᠤ ᠶᠢ ᠬᠠᠮᠠᠭᠠᠯᠠᠬᠤ ᠶᠠᠮᠤᠨ ᠤ ︽ᠴᠢᠮᠡᠭᠡ ᠮᠡᠳᠡᠭᠡ᠂ ᠵᠢᠯᠣᠭᠤᠳᠬᠤ᠂ ᠠᠵᠢᠯᠯᠠᠭ᠎ᠠ︾ ᠶᠢ ᠨᠢᠭᠡ ᠴᠤᠭᠴᠠᠵᠢᠭᠤᠯᠬᠤ ᠠᠵᠢᠯᠯᠠᠭᠠᠨ ᠤ ᠲᠣᠭᠲᠠᠴᠠ ᠶᠢᠨ ᠰᠠᠨᠠᠯ ᠪᠠ ᠳᠣᠲᠣᠭᠠᠳᠤ ᠶᠢ ᠬᠠᠮᠠᠭᠠᠯᠠᠬᠤ ᠲᠣᠮᠣ ᠳ᠋ᠠᠶᠢᠲ᠋ᠠ ᠶᠢᠨ ᠤᠶᠤᠨᠴᠢᠯᠠᠯᠳᠠ ᠶᠢᠨ ᠪᠠᠶᠢᠭᠤᠯᠤᠯᠲᠠ ᠶᠢᠨ ᠬᠡᠷᠡᠭᠯᠡᠭᠡᠨ ᠤ ᠵᠢᠯᠣᠭᠤᠳᠬᠤ ᠰᠠᠨᠠᠯ ᠢ ᠤᠯᠠᠮ ᠨᠢᠭᠡ ᠠᠯᠬᠤᠮ ᠲᠤᠭᠤᠰᠢᠯᠠᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ 3 ᠳ᠋ᠤᠭᠠᠷ ᠰᠠᠷ᠎ᠠ ᠶᠢᠨ 17 ᠤ ᠡᠳᠦᠷ ᠪᠤᠭᠤᠲᠤ ᠬᠤᠲᠠ ᠳᠤ ︽ᠴᠢᠮᠡᠭᠡ ᠮᠡᠳᠡᠭᠡ᠂ ᠵᠢᠯᠣᠭᠤᠳᠬᠤ᠂ ᠠᠵᠢᠯᠯᠠᠭ᠎ᠠ︾ ᠶᠢ ᠨᠢᠭᠡ ᠴᠤᠭᠴᠠᠵᠢᠭᠤᠯᠤᠭᠰᠠᠨ ᠠᠵᠢᠯᠯᠠᠭᠠᠨ ᠤ ᠲᠣᠭᠲᠠᠴᠠ ᠶᠢᠨ ᠪᠠᠶᠢᠭᠤᠯᠤᠯᠲᠠ ᠶᠢᠨ ᠪᠠᠶᠢᠴᠠᠭᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠣᠲᠣᠭᠠᠳᠤ ᠶᠢ ᠬᠠᠮᠠᠭᠠᠯᠠᠬᠤ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠢᠨ᠎ᠡ ᠠᠮᠢ ᠠᠬᠤᠶ ᠳᠤ ᠲᠦᠰᠢᠭᠯᠡᠨ ᠲᠤᠯᠭᠠᠭᠤᠷᠢᠯᠠᠭᠰᠠᠨ︽ᠴᠢᠮᠡᠭᠡ ᠮᠡᠳᠡᠭᠡ᠂ ᠵᠢᠯᠣᠭᠤᠳᠬᠤ᠂ ᠠᠵᠢᠯᠯᠠᠭ᠎ᠠ︾ ᠶᠢ ᠨᠢᠭᠡ ᠴᠣᠠᠠᠴᠠᠵᠢᠭᠤᠯᠥᠠᠠᠰᠠᠨ ᠠᠵᠢᠯᠯᠠᠭᠠᠨ ᠤ ᠲᠣᠭᠲᠠᠴᠠ ᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠡᠯ᠎ᠡ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠨ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠮᠠᠨ ᠤ ᠣᠷᠣᠨ ᠤ ᠴᠠᠭᠳᠠᠭᠠᠨ ᠤ ᠶᠠᠪᠤᠳᠠᠯ ᠤᠨ ᠪᠣᠳᠠᠲᠤ ᠲᠡᠶᠢᠨ ᠤ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠪᠡᠶᠡᠯᠡᠭᠦᠯᠬᠦ ᠶᠢ ᠠᠬᠢᠭᠤᠯᠵᠤ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠤ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠴᠢᠮᠡᠭᠡ ᠮᠡᠳᠡᠭᠡ ᠵᠢᠯᠣᠭᠤᠳᠬᠤ ᠲᠥᠪ ᠤᠨ ᠤᠯᠤᠰ ᠲᠥᠷᠦ ᠶᠢᠨ ᠬᠡᠰᠢᠭᠦᠨ ᠯᠢ ᠵᠢᠶᠧ ᠰᠢᠶᠠᠩ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ᠂ ᠬᠤ᠋ ᠷᠦᠩ᠂ ᠬᠤᠯᠪᠣᠭᠳᠠᠯ ᠪᠦᠬᠦᠢ ᠠᠶᠢᠮᠠᠭ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠵᠢᠴᠢ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ ᠳᠤ ᠣᠷᠣᠯᠴᠠᠪᠠ᠃
微信图片_20230322094137.jpg
      ᠵᠧᠩ ᠭᠤᠸᠠᠩ ᠵᠣᠤ ᠠᠴᠠ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠩ ᠥᠨᠳᠥᠷ ᠵᠣᠭᠰᠣᠴᠠ ᠠᠴᠠ ᠠᠷᠭ᠎ᠠ ᠰᠦᠪᠡᠭᠴᠢᠯᠡᠨ ᠠᠬᠢᠭᠤᠯᠬᠤ ᠬᠡᠷᠡᠭᠲᠡᠶ᠃ ︽ᠴᠢᠮᠡᠭᠡ ᠮᠡᠳᠡᠭᠡ᠂ ᠵᠢᠯᠣᠭᠤᠳᠬᠤ᠂ ᠠᠵᠢᠯᠯᠠᠭ᠎ᠠ︾ ᠶᠢ ᠨᠢᠭᠡ ᠴᠤᠬᠴᠠᠵᠢᠭᠤᠯᠤᠬᠰᠠᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠬᠤ ᠶᠢ ᠭᠦᠨᠵᠡᠭᠡᠢ ᠲᠠᠨᠢᠬᠤ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠦᠢᠯᠡᠳᠦᠯᠭᠡ ᠶᠢᠨ ᠠᠵᠢᠯᠯᠠᠭ᠎ᠠ ᠮᠥᠨ᠂ ᠲᠥᠪ᠂ ᠳᠣᠲᠣᠭᠠᠳᠤ ᠶᠢ ᠬᠠᠮᠠᠭᠠᠯᠠᠬᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ︽ᠬᠤᠷᠢᠭ᠎ᠠ ᠱᠤᠭᠤᠮ ᠢ ᠪᠠᠲᠤᠯᠠᠵᠤ᠂ ᠲᠡᠷᠢᠭᠦᠨ ᠤ ᠬᠢ ᠶᠢ ᠲᠡᠮᠡᠴᠡᠨ ᠣᠯᠵᠤ᠂ ᠬᠢᠯᠠᠰ ᠴᠡᠭ ᠢ ᠡᠭᠦᠳᠬᠦ︾ ᠰᠠᠭᠤᠷᠢ ᠴᠢᠨᠠᠷᠲᠠᠢ ᠢᠨᠵᠧᠨᠧᠷᠢᠩ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠡᠩ ᠥᠨᠳᠥᠷ ᠭᠠᠷᠤᠭ᠎ᠠ ᠪᠠᠷ ᠲᠥᠯᠥᠪᠵᠢᠭᠦᠯᠦᠨ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠬᠠᠷᠢᠯᠴᠠᠨ ᠬᠠᠮᠵᠢᠯᠴᠠᠬᠤ ᠶᠢ ᠴᠢᠬᠤᠯᠠᠴᠢᠯᠠᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠬᠦᠴᠦᠯᠡᠨ ᠪᠦᠷᠢᠯᠳᠦᠭᠦᠯᠬᠦ ᠬᠡᠷᠡᠭᠲᠡᠢ᠃ ︽ᠴᠢᠮᠡᠭᠡ ᠮᠡᠳᠡᠭᠡ᠂ ᠵᠢᠯᠣᠭᠤᠳᠬᠤ᠂ ᠠᠵᠢᠯᠯᠠᠭ᠎ᠠ︾ ᠶᠢ ᠨᠢᠭᠡ ᠴᠤᠭᠴᠠᠵᠢᠭᠤᠯᠤᠭᠰᠠᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠲᠣᠭᠲᠠᠴᠠ ᠶᠢᠨ ᠪᠠᠶᠢᠭᠤᠯᠤᠯᠲᠠ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠠᠶᠢᠵᠤ᠂ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠠᠵᠢᠯᠯᠠᠭᠠᠨ ᠤ ᠥᠭᠡᠷᠡᠴᠢᠯᠡᠯᠲᠡ ᠳᠤ ᠬᠤᠯᠪᠣᠭᠳᠠᠬᠤ ᠪᠦᠬᠦ ᠲᠠᠯ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ ᠠᠵᠢᠯ ᠪᠣᠯᠤᠨ᠎ᠠ᠃ ᠴᠢᠮᠡᠭᠡ ᠮᠡᠳᠡᠭᠡ ᠵᠢᠯᠤᠭᠤᠳᠬᠤ᠂ ᠰᠦᠯᠵᠢᠶᠡᠨ ᠤ ᠠᠮᠤᠷ ᠲᠦᠪᠰᠢᠨ᠂ ᠰᠢᠨᠵᠢᠯᠡᠬᠦ ᠮᠡᠷᠭᠡᠵᠢᠯ ᠤᠨ ᠮᠡᠳᠡᠭᠡ ᠵᠠᠩᠬᠢᠵᠢᠯᠲᠠ ᠵᠡᠷᠭᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭ᠎ᠠ ᠶᠢᠨ ᠦᠢᠯᠡᠳᠦᠯ ᠢ ᠴᠢᠩᠭᠠᠳᠬᠠᠵᠤ᠂ ᠪᠤᠰᠤᠳ ᠴᠠᠭᠳᠠᠭᠠᠨ ᠤ ᠲᠦᠷᠦᠯ ᠤᠨ ᠰᠠᠯᠠᠭ᠎ᠠ ᠮᠥᠴᠢᠷ ᠯᠦᠭᠡ ᠶᠢᠨ ᠳᠣᠲᠣᠭᠠᠳᠤ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠰᠦᠯᠵᠢᠶᠡᠨ ᠤ ᠮᠡᠳᠡᠭᠡ ᠵᠠᠩᠭᠢ᠂ ᠤᠬᠠᠭᠤᠯᠭ᠎ᠠ ᠵᠡᠷᠭᠡ ᠭᠠᠳᠠᠭᠠᠳᠤ ᠨᠢᠭᠡᠴᠢ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠲᠣᠭᠲᠠᠴᠠ ᠶᠢᠨ ᠪᠠᠶᠢᠭᠤᠯᠤᠯᠲᠠ ᠶᠢᠨ ᠵᠢᠱᠢᠭᠰᠡᠨ ᠦᠷ᠎ᠡ ᠪᠦᠲᠦᠮᠵᠢ ᠤᠯᠬᠤ ᠶᠢ ᠪᠠᠲᠤᠯᠠᠵᠤ᠂ ᠴᠠᠭᠳᠠᠭᠠᠨ ᠤ ᠶᠠᠪᠤᠳᠠᠯ ᠤᠨ ᠦᠷ᠎ᠡ ᠪᠦᠲᠦᠮᠵᠢ ᠶᠢ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠠᠲᠤ ᠴᠢᠩᠭ᠎ᠠ ᠠᠵᠢᠯ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠬᠠᠩᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠲᠠᠪᠤᠨ ᠲᠡᠷᠢᠭᠦᠨ ᠲᠠᠰ︾ ᠤᠨ ᠠᠵᠢᠯ ᠤᠨ ᠪᠠᠷᠢᠮᠵᠢᠶ᠎ᠠ ᠲᠠᠢ ᠬᠠᠷᠭᠤᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠳᠠᠬᠢᠨ ᠴᠢᠩᠭᠠᠷᠠᠭᠤᠯᠬᠤ ᠶᠢ ᠪᠡᠶᠡᠯᠡᠭᠦᠯᠦᠨ᠂ ᠨᠠᠶᠢᠳᠠᠪᠤᠷᠢᠵᠢᠭᠤᠯᠤᠯᠲᠠ ᠶᠢ ᠳᠠᠬᠢᠨ ᠬᠦᠴᠦᠯᠡᠨ ᠠᠬᠢᠭᠤᠯᠵᠤ᠂ ᠴᠢᠳᠠᠪᠤᠷᠢᠲᠠᠨ ᠤ ᠡᠩᠨᠡᠭᠡ ᠶᠢ ᠳᠠᠬᠢᠨ ᠰᠢᠯᠢᠳᠡᠭᠵᠢᠭᠦᠯᠬᠦ ᠶᠢ ᠠᠬᠢᠭᠤᠯᠤᠨ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
微信图片_20230322094125.jpg
      ᠳᠣᠲᠣᠭᠠᠳᠤ ᠶᠢ ᠬᠠᠮᠠᠭᠠᠯᠠᠬᠤ ᠶᠠᠮᠤᠨ ᠤ ᠴᠢᠮᠡᠭᠡ ᠮᠡᠳᠡᠭᠡ ᠵᠢᠯᠣᠭᠤᠳᠬᠤ ᠲᠥᠪ ᠤᠨ ᠤᠯᠤᠰ ᠲᠥᠷᠥ ᠶᠢᠨ ᠭᠡᠰᠢᠭᠦᠨ ᠯᠢ ᠵᠢᠶᠧ ᠰᠢᠶᠠᠩ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠢᠨ᠎ᠡ ᠠᠮᠢ ᠠᠬᠤᠶ ᠶᠢᠨ ᠲᠤᠯᠭᠠᠭᠤᠷᠢᠯᠠᠯ ᠤᠨ ︽ᠴᠢᠮᠡᠭᠡ ᠮᠡᠳᠡᠭᠡ᠂ ᠵᠢᠯᠣᠭᠤᠳᠬᠤ᠂ ᠠᠵᠢᠯᠯᠠᠭ᠎ᠠ︾ ᠶᠢ ᠨᠢᠭᠡ ᠴᠣᠠᠠᠴᠠᠵᠢᠭᠤᠯᠬᠤ ᠠᠵᠢᠯᠯᠠᠭᠠᠨ ᠤ ᠲᠣᠭᠲᠠᠴᠠ ᠶᠢᠨ ᠪᠠᠶᠢᠭᠤᠯᠤᠯᠲᠠ ᠶᠢᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠴᠢᠮᠡᠭᠡ ᠮᠡᠳᠡᠭᠡ᠂ ᠵᠢᠯᠣᠭᠤᠳᠬᠤ᠂ ᠠᠵᠢᠯᠯᠠᠭ᠎ᠠ︾ ᠶᠢ ᠨᠢᠭᠡ ᠴᠣᠠᠠᠴᠠᠵᠢᠭᠤᠯᠬᠤ ᠠᠵᠢᠯᠯᠠᠭᠠᠨ ᠤ ᠲᠣᠭᠲᠠᠴᠠ ᠶᠢᠨ ᠪᠠᠶᠢᠭᠤᠯᠤᠯᠲᠠ ᠶᠢᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠲᠢᠩᠬᠢᠮ ᠤᠨ ᠳᠡᠳ᠋ ᠳᠠᠷᠤᠭ᠎ᠠ ᠬᠤ᠋ ᠷᠦᠩ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠨᠢᠭᠡ ᠠᠶᠢᠮᠠᠭ ᠬᠤᠲᠠ ᠨᠢᠭᠡ ᠳᠠᠪᠴᠠᠩ︾ ᠤᠨ 110 ᠲᠦᠭᠰᠢᠭᠦᠷᠢ ᠮᠡᠳᠡᠭᠦᠯᠦᠯᠳᠡ ᠶᠢ ᠭᠥᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠮᠲᠤᠷᠠᠭᠰᠠᠨ ᠪᠠᠶᠢᠯᠳᠤᠭᠠᠨ ᠤ ᠲᠥᠪ᠂ ᠲᠣᠰ ᠭᠠᠵᠠᠷ ᠤᠨ ︽ᠵᠢᠯᠣᠭᠤᠳᠣᠯᠭ᠎ᠠ ᠶᠢᠨ ᠬᠡᠲᠦ ᠵᠢᠷᠤᠭ︾᠂ ︽ᠤᠶᠤᠨᠲᠤ ᠶᠡᠭᠡ ᠲᠠᠷᠢᠬᠢ︾ ᠶᠢᠨ ᠬᠡᠷᠡᠭᠯᠡᠯᠲᠡ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠠ᠃
微信图片_20230322094056.jpg
      ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠳᠤ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠨ ᠭᠧ ᠳ᠋ᠦᠩ ᠲᠣᠮᠢᠯᠠᠭᠰᠠᠨ ᠰᠠᠯᠪᠤᠷᠢ᠂ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠢᠮᠡᠭᠡ ᠮᠡᠳᠡᠭᠡ ᠵᠢᠯᠤᠭᠤᠳᠬᠤ ᠲᠥᠪ᠂ ᠬᠤᠲᠠ ᠶᠢᠨ ᠲᠣᠪᠴᠢᠶ᠎ᠠ ᠶᠢᠨ ᠰᠦᠯᠵᠢᠶ᠎ᠡ ᠪᠠ ᠰᠦᠯᠵᠢᠶᠡᠨ ᠭᠠᠳᠠᠨᠠᠬᠢ ᠬᠠᠮᠲᠤᠷᠠᠭᠰᠠᠨ ᠪᠠᠶᠢᠯᠳᠤᠭᠠᠨ ᠤ ᠲᠥᠪ ᠢ ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠪᠡ᠃ ᠬᠠᠮᠲᠤᠷᠠᠭᠰᠠᠨ ᠦᠢᠯᠡᠴᠢᠯᠡᠭᠡᠨ ᠤ ᠵᠢᠯᠣᠭᠤᠳᠬᠤ ᠲᠥᠪ ᠤᠨ ᠲᠤᠮᠤ ᠳ᠋ᠠᠶᠢᠲ᠋ᠠ ᠶᠢᠨ ᠴᠢᠳᠠᠪᠤᠷᠢ ᠣᠯᠭᠤᠬᠤ ︽ᠴᠢᠮᠡᠭᠡ ᠮᠡᠳᠡᠭᠡ᠂ ᠵᠢᠯᠣᠭᠤᠳᠬᠤ᠂ ᠠᠵᠢᠯᠯᠠᠭ᠎ᠠ︾ ᠶᠢ ᠨᠢᠭᠡ ᠴᠤᠬᠴᠠᠵᠢᠭᠤᠯᠤᠬᠰᠠᠨ ᠠᠵᠢᠯᠯᠠᠭᠠᠨ ᠤ ᠲᠣᠭᠲᠠᠴᠠ ᠶᠢᠨ ᠪᠠᠶᠢᠭᠤᠯᠤᠯᠲᠠ᠂ 110 ᠲᠦᠭᠰᠢᠭᠦᠷᠢ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ᠂ ᠬᠠᠮᠳᠤᠷᠠᠯᠲᠤ ᠪᠠᠶᠢᠯᠳᠤᠭᠠᠨ ᠬᠢᠬᠦ᠂ ᠤᠶᠤᠨᠲᠤ ᠲᠣᠮᠢᠯᠠᠭᠰᠠᠨ ᠰᠠᠯᠪᠤᠷᠢ ᠶᠢᠨ ᠪᠠᠶᠢᠭᠤᠯᠤᠯᠲᠠ ᠵᠡᠷᠭᠡ ᠠᠵᠢᠯ ᠢ ᠪᠦᠬᠦ ᠲᠠᠯ᠎ᠠ ᠪᠠᠷ ᠪᠠᠶᠢᠴᠠᠭᠠᠨ ᠰᠤᠳᠤᠯᠵᠤ᠂ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ 
ᠢᠷᠡᠯᠲᠡ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ