ᠦᠬᠠᠶ ᠶᠢᠨ ᠳᠣᠲᠣᠭᠠᠳᠤ ᠶᠢ ᠬᠠᠮᠠᠭᠠᠯᠠᠭᠴᠢᠳ ᠡᠯᠡᠰᠦ ᠰᠢᠭᠤᠷᠭᠠᠨ ᠤ ᠳᠤᠮᠳᠠ ᠨᠢᠭᠡᠳᠦᠭᠡᠷ ᠹᠷᠣᠨᠲ ᠢ ᠪᠠᠲᠤ ᠰᠠᠬᠢᠪᠠ
ᠨᠡᠶᠢᠲᠡᠯᠡᠭᠰᠡᠨ ᠴᠠᠭ᠄
2023/3/30
      ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠣᠶᠢᠷ᠎ᠠ ᠶᠢᠨ ᠡᠳᠦᠷ ᠤᠨ ᠡᠯᠡᠰᠦᠨ ᠰᠢᠭᠤᠷᠭ᠎ᠠ ᠳᠤ ᠴᠢᠭᠯᠡᠭᠦᠯᠦᠨ ᠬᠠᠷᠢᠶᠠᠲᠤ ᠣᠷᠣᠨ ᠤ ᠪᠠᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠤᠷᠢᠳᠴᠢᠯᠠᠨ ᠲᠣᠭᠲᠠᠭᠠᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠵᠠᠮ ᠳᠡᠭᠡᠷᠡᠬᠢ ᠴᠠᠭᠳᠠᠨ ᠪᠠᠶᠢᠴᠠᠭᠠᠯᠲᠠ ᠪᠠᠨ ᠴᠢᠩᠭᠠᠳᠬᠠᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠪᠠ᠃ ᠡᠭᠦᠨ ᠤ ᠬᠠᠮᠲᠤ ᠵᠠᠮ ᠤᠨ ᠶᠠᠪᠤᠳᠠᠯ᠂ ᠡᠮᠨᠡᠯᠭᠡ ᠶᠢᠨ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠶᠢ ᠬᠠᠮᠲᠤᠪᠠᠷ ᠰᠠᠶᠢᠲᠤᠷ ᠬᠢᠵᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠡᠮᠬᠢ ᠳᠢᠭᠯᠢᠮ ᠲᠠᠢ᠂ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠪᠠ᠃
7.jpg
 
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ