ᠬᠠᠤᠯᠢ ᠲᠦᠷᠢᠮ ᠤᠨ ᠨᠢᠭᠡᠳᠦᠭᠡᠷ ᠹᠷᠣᠨᠲ ᠲᠤ ᠭᠢᠯᠠᠷᠠᠭᠤᠯᠵᠤ ᠶᠠᠪᠤᠭ᠎ᠠ ᠡᠮᠡᠭᠳᠡᠢ ᠴᠠᠭᠳᠠᠭ᠎ᠠ
ᠨᠡᠶᠢᠲᠡᠯᠡᠭᠰᠡᠨ ᠴᠠᠭ᠄
2023/3/30
      ᠲᠡᠷᠡ ᠴᠠᠭᠳᠠᠭᠠᠨ ᠤ ᠰᠦᠯᠳᠡ ᠶᠢ ᠮᠠᠩᠨᠠᠢ ᠳᠤ ᠪᠠᠨ ᠭᠢᠯᠠᠯᠵᠠᠭᠤᠯᠵᠤ᠂ ᠡᠮᠡᠭᠲᠡᠶᠢᠴᠦᠳ ᠤᠨ ᠤᠶᠠᠨ ᠵᠥᠭᠡᠯᠡᠨ ᠰᠡᠳᠬᠢᠯᠭᠡ ᠪᠠ ᠭᠤᠸ᠎ᠠ ᠰᠠᠶᠢᠬᠠᠨ ᠢᠶᠠᠷ ᠢᠶᠠᠨ ᠡᠭᠡᠯ ᠵᠢᠷ ᠤᠨ ᠠᠵᠢᠯ ᠤᠨ ᠪᠠᠶᠢᠷᠢᠨ ᠳᠤ ᠴᠤᠭ ᠵᠢᠪᠬᠤᠭ᠎ᠠ ᠪᠠᠨ ᠪᠠᠳᠠᠷᠠᠭᠤᠯᠪᠠ︔ ᠲᠡᠷᠡ ᠪᠣᠯ ᠪᠠᠭᠠᠲᠤᠷ ᠡᠮᠡᠭᠲᠡᠢ᠂ ᠴᠠᠭᠳᠠᠭᠠᠨ ᠤ ᠶᠠᠪᠤᠳᠠᠯ ᠤᠨ ᠰᠢᠪᠠᠳᠠᠨ ᠪᠠᠶᠢᠴᠠᠭᠠᠬᠤ ᠬᠠᠤᠯᠢ ᠲᠦᠷᠢᠮ ᠤᠨ ᠡᠩᠨᠡᠭᠡᠨ ᠳᠤ ᠡᠮᠡᠭᠲᠡᠶ ᠬᠥᠮᠦᠨ ᠳᠤ ᠯᠡ ᠪᠠᠶᠢᠳᠠᠭ ᠨᠠᠷᠢᠨ ᠨᠢᠮᠪᠠᠶ ᠪᠠ ᠲᠡᠰᠪᠦᠷᠢ ᠲᠡᠪᠴᠢᠶᠡᠷᠢ ᠪᠠᠷ ᠢᠶᠠᠨ᠂ ᠡᠭᠦᠷᠭᠡ ᠬᠠᠷᠢᠭᠤᠴᠠᠯᠭ᠎ᠠ ᠪᠠᠨ ᠠᠮᠵᠢᠯᠳᠠ ᠲᠠᠢ ᠭᠦᠢᠴᠡᠳᠭᠡᠵᠦ ᠴᠢᠳᠠᠵᠠᠶ — ᠲᠡᠷᠡ ᠪᠣᠯ ᠳᠠᠷᠤᠶ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠢᠪᠠᠳᠠᠨ ᠪᠠᠶᠢᠴᠠᠭᠠᠬᠤ ᠬᠠᠤᠯᠢ ᠲᠦᠷᠢᠮ ᠤᠨ ᠶᠡᠭᠡ ᠠᠩᠭᠢ ᠶᠢᠨ ᠵᠢᠭᠠᠨ ᠵᠢᠯᠣᠭᠤᠳᠣᠭᠴᠢ ᠬᠠᠰᠠᠭᠤᠸ᠎ᠠ ᠪᠣᠯᠤᠨ᠎ᠠ᠂ ᠣᠯᠠᠨ ᠳᠤ ︽ᠶᠠᠷᠢᠶᠠᠨ ᠤ ᠲᠠᠶᠢᠰᠠ︾ ᠶᠢ ᠬᠡᠷᠡᠭ ᠰᠢᠢᠳᠪᠦᠷᠢᠯᠡᠬᠦ ᠲᠤᠰᠬᠠᠶ ᠠᠩᠭᠢ ᠳᠤ ᠣᠷᠣᠭᠤᠯᠤᠭᠰᠠᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠭᠡᠵᠦ ᠨᠡᠷᠡᠯᠡᠭᠳᠡᠵᠡᠶ᠃
13.jpg
     ᠡᠨᠡ ᠵᠢᠯ ᠪᠣᠯ ᠬᠠᠰᠠᠭᠤᠸ᠎ᠠ ᠶᠢᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠤ ᠠᠵᠢᠯᠯᠠᠭᠰᠠᠨ 20 ᠳ᠋ᠤᠭᠠᠷ ᠵᠢᠯ ᠪᠣᠯᠤᠨ᠎ᠠ᠃ ᠡᠳᠡᠭᠡᠷ ᠵᠢᠯ ᠤᠳ ᠲᠤ᠂ ᠲᠡᠷᠡ ᠥᠪᠡᠷ ᠤᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠣᠨᠴᠠᠯᠢᠭ ᠢᠶᠠᠨ ᠭᠦᠢᠴᠡᠳ ᠪᠠᠳᠠᠷᠠᠭᠤᠯᠵᠤ᠂ ᠬᠤᠪᠢᠶᠠᠷᠢ ᠲᠣᠪᠴᠢᠶ᠎ᠠ ᠶᠢᠨ ᠡᠯ᠎ᠡ ᠵᠦᠢᠯ ᠤᠨ ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠪᠣᠭᠤᠮᠲᠠ ᠶᠢ ᠰᠠᠶᠢᠲᠤᠷ ᠰᠠᠬᠢᠬᠤ ᠶᠢᠨ ᠬᠠᠮᠲᠤ᠂ ᠠᠵᠢᠯ ᠤᠨ ᠳᠤᠮᠳᠠ ᠪᠠᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠣᠶᠢᠯᠠᠭᠠᠭᠳᠠᠬᠤᠨ ᠢ ᠪᠠᠲᠤ ᠰᠠᠬᠢᠵᠤ᠂ ᠦᠢᠯᠡᠳᠦᠯᠭᠡ ᠶᠢᠨ ᠳᠤᠮᠳᠠ ᠪᠠᠨ ᠠᠯᠢ ᠤᠯᠠᠨ ᠰᠤᠷᠤᠯᠴᠠᠨ ᠲᠤᠯᠢ ᠪᠣᠯᠭᠠᠵᠤ ᠪᠣᠯᠬᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠲᠤᠷᠰᠢᠯᠭ᠎ᠠ ᠶᠢ ᠪᠦᠷᠢᠯᠳᠦᠭᠦᠯᠦᠭᠰᠡᠨ ᠪᠠᠶᠢᠨ᠎ᠠ᠃ ᠲᠡᠷᠡ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠳᠦᠰᠦᠨ ᠱᠠᠲᠤᠨ ᠳᠤ ᠰᠢᠢᠳᠪᠦᠷᠢᠯᠡᠬᠦ ᠵᠠᠷᠴᠢᠮ ᠢᠶᠠᠷ ᠤᠯᠠᠨ ᠲᠦᠮᠡᠨ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠢᠳᠪᠦᠷᠢᠯᠡᠵᠦ ᠥᠭᠴᠡᠶ᠃
14.jpg
     ᠨᠢᠭᠡᠨ ᠤᠳᠠᠭ᠎ᠠ᠂ ᠭᠠᠳᠠᠨ᠎ᠠ ᠣᠷᠣᠨ ᠤ ᠨᠢᠭᠡᠨ ᠬᠤᠳᠠᠯᠳᠤᠭᠠᠴᠢᠨ ᠠᠷᠠᠯᠵᠢᠶ᠎ᠠ ᠬᠢᠬᠦ ᠳᠤ ᠪᠠᠨ ᠮᠡᠬᠡᠯᠡᠭᠳᠡᠭᠡᠳ 300 ᠭᠠᠷᠤᠶ ᠲᠦᠮᠡᠨ ᠲᠥᠭᠦᠷᠢᠭ ᠬᠤᠬᠢᠷᠠᠯ ᠳᠤ ᠤᠴᠠᠷᠠᠵᠠᠶ᠂ ᠬᠠᠰᠠᠭᠤᠸ᠎ᠠ ᠲᠤᠰ ᠬᠤᠳᠠᠯᠳᠤᠭᠠᠴᠢᠨ ᠢ ᠬᠦᠯᠢᠶᠡᠨ ᠠᠪᠤᠭᠰᠠᠨ ᠤ ᠪᠠᠨ ᠲᠠᠷᠠᠭ᠎ᠠ ᠪᠠᠶᠢᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠤᠯᠠᠨ ᠤᠳᠠᠭ᠎ᠠ ᠬᠠᠷᠢᠯᠴᠠᠵᠤ᠂ ᠬᠡᠷᠡᠭ ᠤᠨ ᠪᠠᠶᠢᠳᠠᠯ ᠢ ᠨᠠᠷᠢᠨ ᠬᠢᠨᠠᠮᠠᠭᠠᠶ ᠰᠤᠳᠤᠯᠤᠨ ᠡᠮᠬᠢᠯᠡᠵᠦ᠂ ᠡᠴᠦᠰ ᠲᠤ ᠪᠠᠨ ᠬᠡᠷᠡᠭ ᠰᠢᠢᠳᠪᠦᠷᠢᠯᠡᠬᠦ ᠴᠠᠭᠳᠠᠭ᠎ᠠ ᠶᠢ ᠬᠠᠪᠰᠤᠷᠤᠨ ᠲᠤᠰ ᠬᠡᠷᠡᠭ ᠢ ᠲᠠᠩᠨᠠᠨ ᠢᠯᠡᠷᠡᠭᠦᠯᠪᠡ᠃ ᠪᠠᠰᠠ ᠨᠢᠭᠡ ᠤᠳᠠᠭ᠎ᠠ᠂ ᠨᠢᠭᠡ ᠨᠠᠰᠤᠲᠠᠨ 18 ᠲᠦᠮᠡᠨ ᠲᠥᠭᠦᠷᠢᠭ ᠮᠡᠬᠡᠯᠡᠭᠳᠡᠪᠡ᠂ ᠬᠡᠷᠡᠭ ᠢ ᠨᠢᠭᠡᠨᠲᠡ ᠳᠡᠩᠨᠡᠨ ᠢᠯᠡᠷᠡᠭᠦᠯᠦᠭᠰᠡᠨ ᠪᠣᠯᠪᠠᠴᠤ ᠪᠠᠩᠬᠢ ᠶᠢᠨ ᠺᠠᠷᠲ ᠤᠨ ᠮᠡᠳᠡᠭᠡ ᠵᠠᠩᠭᠢ ᠪᠣᠯᠤᠨ ᠪᠡᠶ᠎ᠡ ᠬᠡᠮ ᠤᠨ ᠮᠡᠳᠡᠭᠡ ᠵᠠᠩᠭᠢ ᠨᠢ ᠨᠢᠭᠡ ᠯᠡ ᠬᠥᠮᠦᠨ ᠪᠣᠯᠬᠤ ᠶᠢ ᠭᠡᠷᠡᠴᠢᠯᠡᠬᠦ ᠶᠢᠨ ᠠᠷᠭ᠎ᠠ ᠦᠭᠡᠶ ᠤᠴᠢᠷ ᠠᠴᠠ ᠪᠠᠩᠬᠢ ᠠᠴᠠ ᠵᠣᠭᠤᠰ ᠥᠭᠬᠦ ᠶᠢᠨ ᠠᠷᠭ᠎ᠠ ᠦᠭᠡᠶ ᠪᠣᠯᠵᠠᠶ᠃ ᠬᠠᠰᠠᠭᠤᠸ᠎ᠠ ᠨᠠᠰᠤᠲᠠᠨ ᠢ ᠬᠦᠯᠢᠶᠡᠨ ᠠᠪᠤᠭᠰᠠᠨ ᠤ ᠳᠠᠷᠠᠭ᠎ᠠ ᠬᠤᠯᠪᠣᠭᠳᠠᠯ ᠪᠦᠬᠦᠢ ᠲᠣᠮᠢᠯᠠᠭᠰᠠᠨ ᠰᠠᠯᠪᠤᠷᠢ ᠠᠴᠠ ᠢᠳᠡᠪᠬᠢᠲᠡᠶ ᠪᠠᠷ ᠪᠠᠶᠢᠳᠠᠯ ᠢ ᠣᠶᠢᠯᠠᠭᠠᠵᠤ᠂ ᠲᠤᠰᠬᠠᠶ ᠮᠡᠷᠭᠡᠵᠢᠯ ᠤᠨ ᠠᠳᠠᠯᠢᠳᠬᠠᠯ ᠤᠨ ᠠᠷᠭ᠎ᠠ ᠬᠡᠮᠵᠢᠶ᠎ᠡ ᠪᠠᠷ ᠨᠠᠰᠤᠲᠠᠶ ᠡᠵᠢ ᠶᠢᠨ ᠪᠡᠶ᠎ᠡ ᠭᠡᠮ ᠢ ᠭᠡᠷᠡᠴᠢᠯᠡᠭᠰᠡᠨ ᠢᠶᠠᠷ 18 ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠡᠭᠡᠭᠦᠯᠦᠨ ᠠᠪᠴᠢᠷᠠᠭᠰᠠᠨ ᠪᠠᠶᠢᠨ᠎ᠠ᠃ ᠬᠠᠰᠠᠭᠤᠸ᠎ᠠ ᠪᠠᠰᠠ ᠵᠠᠯᠠᠭᠤᠴᠤᠳ ᠪᠠᠭᠠᠴᠤᠳ ᠲᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠪᠡ᠃ ᠤᠯᠠᠨ ᠵᠢᠯ ᠤᠨ ᠲᠤᠷᠰᠢ᠂ ᠲᠡᠷᠡ ᠠᠵᠢᠯ ᠤᠨ ᠴᠢᠯᠥᠭᠡᠨ ᠤ ᠴᠠᠭ ᠢᠶᠠᠨ ᠠᠰᠢᠭᠯᠠᠨ ᠶᠡᠭᠡ ᠰᠤᠷᠭᠠᠭᠤᠯᠢ᠂ ᠳᠤᠮᠳᠠᠳᠤ ᠰᠤᠷᠭᠠᠭᠤᠯᠢ ᠳᠤ ᠬᠦᠷᠴᠦ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠥᠷᠨᠢᠭᠦᠯᠵᠦ᠂ ᠬᠦᠨᠳᠦ ᠨᠣᠴᠢᠲᠠᠶ ᠭᠠᠩᠰᠠᠷᠠᠬᠤ ᠭᠡᠮ ᠪᠠ ᠵᠣᠪᠠᠨᠢᠯ ᠤᠨ ᠭᠡᠮ ᠲᠠᠢ ᠬᠡᠦᠬᠡᠳ ᠲᠤ ᠰᠡᠳᠬᠢᠴᠡ ᠶᠢᠨ ᠲᠠᠯ᠎ᠠ ᠪᠠᠷ ᠵᠢᠭᠠᠨ ᠵᠢᠯᠣᠭᠤᠳᠴᠤ᠂ ᠬᠡᠦᠬᠡᠳ ᠢ ᠬᠠᠪᠰᠤᠷᠤᠨ ᠰᠡᠳᠬᠢᠴᠡ ᠶᠢᠨ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠴᠦ ᠤᠳᠠᠭ᠎ᠠ ᠲᠠᠢ᠃
15.jpg
     ᠤᠢᠢᠷ᠎ᠠ ᠳᠤ᠂ ᠬᠠᠰᠠᠭᠤᠸ᠎ᠠ ᠳᠠᠬᠢᠨᠲᠠ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠪᠠ᠃ ᠲᠡᠷᠡ ᠬᠡᠯᠡᠬᠦ ᠳᠤ ᠪᠠᠨ᠂ ᠡᠨᠡ ᠨᠢ ᠨᠤᠲᠠᠯᠠᠯᠲᠠ ᠮᠥᠷᠲᠡᠭᠡᠨ ᠰᠢᠪᠠᠳᠠᠯᠭ᠎ᠠ ᠮᠥᠨ᠂ ᠬᠤᠶᠢᠰᠢᠳᠠ ᠦᠷᠭᠦᠯᠵᠢᠯᠡᠨ ᠬᠠᠤᠯᠢ ᠴᠠᠭᠠᠵᠠ ᠶᠢᠨ ᠮᠡᠳᠡᠯᠭᠡ ᠪᠠᠷ ᠠᠷᠠᠳ ᠣᠯᠠᠨ ᠤ ᠠᠰᠢᠭ ᠲᠤᠰᠠ ᠶᠢ ᠬᠠᠮᠠᠭᠠᠯᠠᠵᠤ᠂ ᠳᠣᠲᠣᠭᠠᠳᠤ ᠶᠢ ᠬᠠᠮᠠᠭᠠᠯᠠᠬᠤ ᠬᠠᠤᠯᠢ ᠲᠦᠷᠢᠮ ᠤᠨ ᠠᠵᠢᠯ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠶ᠃
ᠢᠷᠡᠯᠲᠡ᠄ ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ