ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠮ ᠬᠠᠷᠢᠯᠴᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2023/3/6
      2 ᠰᠠᠷ᠎ᠠ ᠶᠢᠨ 17 ᠤ ᠰᠥᠨᠢ ᠠᠴᠠ 18 ᠤ ᠥᠷᠯᠥᠭᠡ ᠪᠣᠯᠲᠠᠯ᠎ᠠ᠂ ᠦᠬᠠᠢ ᠬᠤᠳᠠ ᠳᠤ ᠴᠠᠰᠤ ᠣᠷᠣᠵᠠᠢ᠃ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠴᠠᠰᠤ ᠰᠢᠭᠤᠷᠭᠠᠨ ᠢ ᠬᠠᠶᠢᠬᠤᠷᠤᠰᠢ ᠦᠭᠡᠢ᠂ ᠴᠠᠷᠴᠠᠬᠤ ᠶᠢ ᠡᠰᠡᠷᠭᠦᠴᠡᠵᠦ᠂ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠠᠮᠤᠷ ᠠᠮᠤᠭᠤᠯᠠᠩ ᠢ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠢ ᠬᠠᠮᠠᠭᠠᠯᠠᠭᠰᠠᠨ ᠨᠢ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠪᠣᠯᠤᠭᠰᠠᠨ ᠪᠠᠶᠢᠨ᠎ᠠ᠃
微信图片_20230221114115.jpg
      ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠠᠯᠪᠠᠨ ᠤ ᠲᠠᠯ᠎ᠠ ᠶᠢᠨ ᠰᠢᠨ᠎ᠡ ᠵᠠᠭᠤᠴᠢᠯᠠᠭᠤᠷ ᠢᠶᠠᠷ ᠪᠣᠷᠣᠭᠠᠨ ᠴᠠᠰᠤᠨ ᠤ ᠰᠡᠷᠡᠮᠵᠢᠯᠡᠭᠦᠯᠦᠯ᠂ ᠵᠠᠮ ᠤᠨ ᠪᠠᠶᠢᠳᠠᠯ ᠤᠨ ᠮᠡᠳᠡᠭᠡ ᠵᠠᠩᠭᠢ᠂ ᠰᠠᠨᠠᠭᠤᠯᠤᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ᠂ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠴᠠᠭ ᠲᠤᠬᠠᠢ ᠳᠤ ᠨᠢ ᠡᠬᠢᠯᠡᠭᠦᠯᠦᠨ᠂ ᠦᠳᠲᠡᠷ ᠲᠦᠷᠭᠡᠨ ᠲᠤᠰᠬᠠᠯ ᠭᠠᠷᠭᠠᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠨ᠂ ᠵᠠᠮ ᠤᠨ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠴᠠᠰᠤ ᠰᠢᠭᠤᠷᠭ᠎ᠠ ᠶᠢ ᠡᠰᠡᠷᠭᠦᠴᠡᠬᠦ᠂ ᠴᠠᠷᠴᠠᠬᠤ ᠶᠢ ᠡᠰᠡᠷᠭᠦᠴᠡᠬᠦ᠂ ᠠᠮᠤᠷ ᠲᠦᠪᠰᠢᠨ ᠢ ᠪᠠᠲᠤᠯᠠᠬᠤ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠳᠤ ᠪᠦᠬᠦ ᠬᠦᠴᠦᠨ ᠢᠶᠠᠷ ᠢᠶᠠᠨ ᠣᠷᠣᠯᠴᠠᠪᠠ᠃ ᠡᠯ᠎ᠡ ᠱᠠᠲᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠦᠬᠦᠨ ᠢᠶᠠᠷ ᠢᠶᠠᠨ ᠵᠠᠮ ᠳᠤ ᠭᠠᠷᠴᠤ᠂ ᠵᠠᠮ ᠳᠡᠭᠡᠷ᠎ᠡ ᠴᠠᠰᠤ ᠣᠷᠣᠵᠤ ᠮᠥᠰᠥ ᠬᠥᠯᠳᠡᠭᠰᠡᠨ ᠪᠠᠶᠢᠳᠠᠯ ᠢ ᠦᠨᠳᠦᠰᠦᠯᠡᠨ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠬᠥᠭᠦᠷᠭᠡᠨ ᠵᠠᠮ ᠤᠨ ᠨᠢᠭᠤᠷ᠂ ᠪᠠᠴᠢᠮ ᠮᠤᠷᠤᠶᠢᠬᠤ ᠵᠠᠮ᠂ ᠲᠦᠷᠭᠡᠨ ᠨᠡᠪᠲᠡᠷᠡᠬᠦ ᠵᠠᠮ ᠵᠢᠴᠢ ᠬᠤᠲᠠ ᠶᠢᠨ ᠲᠣᠭᠤᠷᠢᠭ ᠤᠨ ᠭᠤᠣᠯ ᠵᠠᠮ ᠤᠨ ᠴᠠᠭᠳᠠᠨ ᠲᠣᠭᠤᠷᠢᠬᠤ ᠡᠭᠡᠯᠵᠢ ᠤᠳᠠᠭ᠎ᠠ᠂ ᠳᠠᠪᠲᠠᠮᠵᠢ ᠪᠠᠨ ᠨᠡᠮᠡᠭᠳᠡᠭᠦᠯᠵᠦ᠂ ᠲᠠᠰᠤᠷᠠᠯᠲᠠ ᠦᠭᠡᠢ ᠵᠢᠭᠰᠠᠭᠠᠨ ᠪᠠᠶᠢᠴᠠᠭᠠᠪᠠ᠃ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠠᠰᠤ ᠬᠠᠶᠢᠯᠠᠭᠤᠯᠬᠤ ᠡᠳ᠋ ᠪᠠ ᠬᠠᠯᠲᠤᠷᠢᠬᠤ ᠠᠴᠠ ᠰᠡᠷᠭᠡᠶᠢᠯᠡᠬᠦ ᠡᠯᠡᠰᠦ ᠰᠠᠴᠤᠬᠤ ᠪᠠᠷ ᠳᠠᠮᠵᠢᠭᠤᠯᠤᠨ᠂ ᠵᠠᠮ ᠤᠨ ᠨᠢᠭᠤᠷ ᠤᠨ ᠬᠤᠷᠠᠭᠰᠠᠨ ᠴᠠᠰᠤ ᠶᠢ ᠴᠡᠪᠡᠷᠯᠡᠨ ᠠᠷᠢᠯᠭᠠᠪᠠ᠃ ᠵᠠᠮ ᠤᠨ ᠵᠢᠭᠰᠠᠭᠠᠨ ᠢᠯᠡᠷᠡᠭᠦᠯᠦᠭᠰᠡᠨ ᠡ᠊ᠨᠳᠡᠯ ᠤᠨ ᠲᠠᠯᠳᠠ ᠭᠡᠮ᠂ ᠲᠦᠭᠵᠢᠷᠡᠭᠰᠡᠨ ᠵᠠᠮ ᠤᠨ ᠬᠡᠰᠡᠭ ᠢ ᠲᠦᠷᠭᠡᠨ ᠰᠢᠢᠳᠪᠦᠷᠢᠯᠡᠵᠦ᠂ ᠬᠦᠴᠢᠷᠳᠡᠯ ᠲᠠᠢ ᠤᠯᠠᠨ ᠲᠦᠮᠡᠨ ᠳᠤ ᠬᠠᠪᠰᠤᠷᠤᠯᠭ᠎ᠠ ᠦᠵᠡᠭᠦᠯᠪᠡ᠃
微信图片_20230218091126.jpg
      2 ᠰᠠᠷ᠎ᠠ ᠶᠢᠨ 18  ᠤ ᠥᠷᠯᠥᠭᠡ᠂ ᠬᠠᠶᠢᠷᠤᠪ ᠤᠨ ᠲᠣᠬᠤᠢ  ᠲᠤᠭᠤᠷᠢᠭ  ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠢᠵᠢᠭᠦᠷᠯᠡᠨ ᠴᠠᠭᠳᠠᠨ ᠲᠣᠭᠤᠷᠢᠵᠤ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠪᠠᠶᠢᠳᠠᠯ ᠣᠨᠴᠠᠭᠠᠢ ᠰᠦᠷᠯᠢᠭ ᠬᠠᠷᠠᠭᠳᠠᠨ᠎ᠠ᠃ ᠦᠬᠠᠢ ᠬᠤᠳᠠ ᠶᠢᠨ ᠪᠢᠨ ᠾᠧ ᠳᠤᠮᠳᠠᠳᠤ ᠰᠤᠷᠭᠠᠭᠤᠯᠢ ᠶᠢᠨ ᠳᠡᠷᠭᠡᠳᠡᠬᠢ ᠢᠦᠢ ᠶᠢᠩ ᠴᠢᠶᠣᠤ ᠬᠥᠭᠦᠷᠭᠡ ᠶᠢᠨ ᠣᠶᠢᠷ᠎ᠠ ᠬᠠᠪᠢ ᠳᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠠᠳᠡᠬᠢ ᠶᠢᠨ ᠲᠡᠷᠭᠡᠨ ᠤ ᠤᠷᠤᠰᠬᠠᠯ ᠤᠨ ᠬᠡᠮᠵᠢᠶ᠎ᠡ ᠶᠡᠭᠡ᠂ ᠵᠠᠮ ᠭᠥᠯᠢᠭᠡᠷ ᠵᠡᠷᠭᠡ ᠣᠨᠴᠠᠯᠢᠭ ᠢ ᠦᠨᠳᠦᠰᠦᠯᠡᠵᠦ᠂ ᠲᠣᠭᠤᠷᠢᠨ ᠴᠠᠭᠳᠠᠬᠤ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭ᠎ᠠ ᠶᠢ ᠴᠠᠭ ᠲᠤᠬᠠᠢ ᠳᠤ ᠨᠢ ᠰᠢᠯᠤᠭᠤᠳᠬᠠᠵᠤ᠂ ᠵᠢᠯᠣᠭᠤᠴᠢ ᠳᠤ ᠴᠠᠰᠤᠲᠠᠢ ᠡᠳᠦᠷ ᠲᠡᠷᠭᠡ ᠪᠠᠷᠢᠬᠤ᠂ ᠢᠯᠠᠩᠭᠤᠶ᠎ᠠ ᠮᠥᠰᠥ ᠬᠥᠯᠳᠡᠭᠰᠡᠨ ᠵᠠᠮ ᠤᠨ ᠬᠡᠰᠡᠭ ᠲᠤ ᠬᠦᠷᠬᠦ ᠳᠤ ᠡᠷᠬᠡᠪᠰᠢ ᠲᠡᠷᠭᠡᠨ ᠤ ᠬᠤᠷᠳᠤᠴᠠ ᠶᠢ ᠤᠳᠠᠭᠠᠰᠢᠷᠠᠭᠤᠯᠵᠤ᠂ ᠪᠣᠯᠭᠤᠮᠵᠢᠲᠠᠢ ᠶᠠᠪᠤᠵᠤ᠂ ᠵᠠᠮ ᠬᠠᠷᠢᠯᠴᠠᠭᠠᠨ ᠤ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠵᠠᠢ᠃      ︽ᠴᠠᠰᠤ ᠲᠠᠢ ᠡᠳᠦᠷ ᠵᠠᠮ ᠬᠠᠯᠲᠤᠷᠢᠬ᠎ᠠ ᠲᠠᠢ᠂ ᠡᠷᠬᠡᠪᠰᠢ ᠬᠤᠷᠳᠤᠴᠠ ᠪᠠᠨ ᠤᠳᠠᠭᠠᠰᠢᠷᠠᠭᠤᠯᠵᠤ ᠤᠳᠠᠭᠠᠨ ᠶᠠᠪᠤᠵᠤ᠂ ᠡᠷᠬᠢᠨ ᠲᠣᠭᠤᠷᠢᠨ ᠤ ᠮᠠᠰᠢᠨ ᠲᠡᠷᠭᠡ ᠠᠴᠠ ᠪᠠᠨ ᠠᠮᠤᠷ ᠲᠦᠪᠰᠢᠨ ᠤ ᠵᠠᠢ ᠲᠠᠢ ᠪᠠᠶᠢᠵᠤ᠂ ᠲᠦᠷᠭᠡᠨ  ᠲᠣᠷᠣᠮᠰᠤᠯᠠᠵᠤ  ᠪᠣᠯᠬᠤ  ᠦᠭᠡᠢ᠂  ᠥᠪᠡᠷ  ᠤᠨ  ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠵᠤ᠂ ᠵᠠᠮ ᠬᠠᠷᠢᠯᠴᠠᠭᠠᠨ ᠤ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ︾᠃ ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠳ᠋ᠦ᠋ ᠺᠸᠦ ᠲᠣᠮᠢᠯᠠᠭᠰᠠᠨ ᠰᠠᠯᠪᠤᠷᠢ ᠶᠢᠨ ᠠᠮᠤᠷ ᠢ ᠬᠠᠮᠠᠭᠠᠯᠠᠬᠤ ᠪᠠᠶᠢᠴᠠᠭᠠᠬᠤ ᠥᠷᠲᠡᠭᠡ ᠳᠤ᠂ ᠵᠢᠵᠢᠭᠦᠷ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠣᠷᠣᠭᠠᠨ ᠴᠠᠰᠤ ᠲᠠᠢ ᠴᠠᠭ ᠠᠭᠤᠷ ᠲᠤ ᠴᠢᠭᠯᠡᠭᠦᠯᠦᠨ᠂  ᠨᠠᠭᠠᠰᠢ ᠴᠠᠭᠠᠰᠢ ᠥᠩᠭᠡᠷᠡᠬᠦ ᠮᠠᠰᠢᠨ ᠲᠡᠷᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠰᠠᠶᠢᠲᠤᠷ ᠬᠢᠬᠦ ᠶᠢᠨ ᠬᠠᠮᠲᠤ᠂ ᠴᠠᠰᠤ ᠲᠠᠢ ᠡᠳᠦᠷ ᠲᠡᠷᠭᠡᠨ ᠤ ᠠᠮᠤᠷ ᠲᠦᠪᠰᠢᠨ ᠢ ᠠᠩᠬᠠᠷᠬᠤ ᠬᠡᠷᠡᠭᠲᠡᠢ ᠭᠡᠵᠦ ᠵᠢᠯᠣᠭᠤᠴᠢ ᠳᠤ ᠰᠠᠨᠠᠭᠤᠯᠬᠤ ᠪᠠᠨ ᠮᠠᠷᠲᠠᠭᠰᠠᠨ ᠦᠭᠡᠢ ᠪᠠᠶᠢᠪᠠ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ