ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠳᠤᠭᠤᠴᠢᠨ ᠲᠣᠮᠢᠯᠠᠭᠰᠠᠨ | ᠰᠠᠯᠪᠤᠷᠢ ᠡᠷᠡᠭᠦᠦ ᠶᠢᠨ ᠬᠡᠷᠡᠭ ᠤᠨ ᠲᠠᠩᠨᠠᠨ ᠪᠠᠶᠢᠴᠠᠭᠠᠬᠤ ᠶᠡᠭᠡ ᠠᠩᠭᠢ ᠲᠠᠢ ᠬᠠᠮᠲᠤᠷᠠᠨ ᠠᠵᠢᠯᠯᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠦᠷᠭᠦᠯᠵᠢᠯᠡᠨ ︽ᠥᠴᠦᠬᠡᠨ ᠴᠦ ᠢᠯᠳᠠᠷ ᠬᠠᠶᠠᠬᠤ ᠦᠭᠡᠢ︾ ᠰᠦᠷ ᠬᠦᠴᠦᠲᠦ ᠪᠠᠶᠢᠳᠠᠯ ᠢ ᠪᠠᠷᠢᠮᠲᠠᠯᠠᠨ᠂ | ᠬᠦᠴᠦᠲᠡᠶ ᠲᠠᠭᠠᠷᠢᠯᠲᠠ ᠶᠠᠪᠤᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠤᠨ ᠠᠮᠠᠨ ᠳᠡᠭᠡᠷ᠎ᠡ ᠠᠴᠠ ᠮᠡᠬᠡᠯᠡᠭᠳᠡᠵᠦ ᠥᠷᠢᠲᠦᠭᠰᠡᠨ ᠵᠣᠭᠤᠰ ᠢ ᠨᠡᠬᠡᠮᠵᠢᠯᠡᠨ | ᠠᠪᠴᠢᠷᠠᠵᠤ᠂ ᠠᠷᠠᠳ ᠢᠷᠭᠡᠳ ᠤᠨ ︽ᠵᠣᠭᠤᠰ ᠤᠨ ᠴᠥᠩᠬᠦ︾ ᠶᠢ ᠪᠠᠲᠤ ᠰᠠᠬᠢᠪᠠ᠃ | | | | 2023 ᠣᠨ ᠤ 3 ᠰᠠᠷ᠎ᠠ ᠶᠢᠨ 22 ᠤᠨ ᠡᠳᠦᠷ ᠤᠨ 19 ᠴᠠᠭ 40 ᠮᠢᠨᠦ᠋ᠲ ᠲᠤ ᠨᠢᠭᠡᠨ ᠬᠥᠯᠥᠰᠥᠨ ᠠᠵᠢᠯᠴᠢᠨ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠳᠤᠭᠤᠴᠢᠨ ᠲᠣᠮᠢᠯᠠᠭᠰᠠᠨ ᠰᠠᠯᠪᠤᠷᠢ ᠶᠢᠨ ᠵᠢᠵᠢᠭᠦᠷ ᠤᠨ ᠲᠠᠰᠤᠭ ᠲᠤ ᠶᠠᠭᠠᠷᠠᠤ ᠰᠠᠨᠳᠤᠷᠤᠤ ᠪᠠᠷ | ᠢᠷᠡᠵᠦ ᠮᠡᠬᠡᠯᠡᠭᠳᠡᠭᠰᠡᠨ ᠪᠠᠶᠢᠵᠤ ᠮᠡᠳᠡᠨ᠎ᠡ ᠭᠡᠵᠦ ᠬᠡᠷᠡᠭ ᠮᠡᠳᠡᠭᠦᠯᠦᠭᠰᠡᠨ ᠳᠤ ᠵᠢᠵᠢᠭᠦᠷ ᠤᠨ ᠴᠠᠭᠳᠠᠭ᠎ᠠ ᠨᠢᠭᠡ ᠲᠠᠯ᠎ᠠ ᠪᠠᠷ ᠬᠡᠷᠡᠭ ᠮᠡᠳᠡᠭᠦᠯᠦᠭᠴᠢ ᠶᠢ | ᠲᠠᠶᠢᠳᠬᠤᠷᠠᠭᠤᠯᠵᠤ᠂ ᠨᠥᠭᠦᠭᠡ ᠲᠠᠯ᠎ᠠ ᠪᠠᠷ ᠨᠠᠷᠢᠨ ᠪᠠᠶᠢᠳᠠᠯ ᠢ ᠣᠶᠢᠯᠠᠭᠠᠵᠠᠶ᠃ | ᠣᠶᠢᠯᠠᠭᠠᠭᠰᠠᠨ ᠢᠶᠠᠷ᠂ ᠲᠤᠬᠠᠶ ᠶᠢᠨ ᠬᠥᠮᠦᠨ ᠸᠠᠩ ᠣᠪᠣᠭᠲᠤ ᠣᠷᠴᠢᠮ ᠭᠠᠷ ᠲᠠᠲᠠᠭᠤ ᠪᠠᠶᠢᠭ᠎ᠠ ᠪᠣᠯᠬᠤᠷ ᠵᠢᠭᠡᠯᠡᠯᠭᠡ ᠵᠢᠭᠡᠯᠡᠵᠦ ᠪᠠᠴᠢᠮ ᠪᠠᠶᠢᠳᠠᠯ ᠢᠶᠠᠨ | ᠠᠷᠭᠠᠴᠠᠶ᠎ᠠ ᠭᠡᠵᠦ ᠪᠣᠳᠣᠭᠠᠳ᠂ ᠣᠶᠢᠷ᠎ᠠ ᠳᠤ ᠭᠠᠷ ᠤᠲᠠᠰᠤᠨ ᠳᠤ ᠨᠢ ᠵᠢᠭᠡᠯᠡᠯᠭᠡ ᠲᠠᠯᠪᠢᠬᠤ ᠮᠡᠳᠡᠭᠡ ᠵᠠᠩᠭᠢ ᠶᠢ ᠣᠯᠤᠭᠰᠠᠨ ᠪᠣᠯᠬᠤᠷ ᠲᠤᠷᠰᠢᠵᠤ ᠦᠵᠡᠬᠦ ᠪᠣᠳᠣᠯ | ᠡᠪᠦᠷᠯᠡᠨ ᠲᠤᠰ ᠵᠢᠭᠡᠯᠡᠯᠭᠡ ᠶᠢᠨ ᠲᠠᠪᠴᠠᠩ ᠲᠠᠢ ᠬᠠᠷᠢᠯᠴᠠᠵᠤ᠂ ᠨᠥᠭᠦᠭᠡ ᠡᠲᠡᠭᠡᠳ ᠤᠨ ᠢᠶᠠᠨ ᠵᠢᠯᠣᠭᠤᠳᠣᠯᠭ᠎ᠠ ᠶᠢ ᠦᠨᠳᠦᠰᠦᠯᠡᠨ ᠬᠤᠯᠪᠣᠭᠳᠠᠯ ᠪᠦᠬᠦᠢ ᠵᠥᠭᠡᠯᠡᠨ | ᠲᠣᠨᠤᠭ ᠢ ᠪᠠᠭᠤᠯᠭᠠᠨ ᠠᠪᠴᠤ ᠤᠭᠰᠠᠷᠠᠪᠠ᠃ ᠸᠠᠩ ᠣᠪᠣᠭᠲᠤ 1.8 ᠲᠦᠮᠡᠨ ᠲᠥᠭᠦᠷᠢᠭ ᠤᠨ ᠵᠢᠭᠡᠯᠡᠯᠭᠡ ᠠᠪᠬᠤ ᠰᠠᠨᠠᠭ᠎ᠠ ᠲᠠᠢ᠂ ᠨᠦᠬᠦᠭᠡ ᠡᠲᠡᠭᠡᠳ ᠨᠢ ᠲᠡᠭᠦᠨ ᠤ | ᠲᠠᠩᠰᠠᠨ ᠨᠣᠮᠧᠷ ᠢ ᠪᠤᠷᠤᠭᠤ ᠣᠷᠣᠭᠤᠯᠤᠭᠰᠠᠨ᠂ ᠴᠡᠪᠳᠡᠭᠰᠢᠭᠦᠯᠦᠭᠰᠡᠨ ᠲᠠᠩᠰᠠᠨ ᠡᠷᠤᠭᠡ ᠶᠢ ᠲᠠᠶᠢᠯᠬᠤ ᠴᠢᠬᠤᠯᠠᠲᠠᠶ ᠭᠡᠳᠡᠭ ᠢᠶᠠᠷ ᠰᠢᠯᠲᠠᠭᠠᠨ ᠪᠣᠯᠭᠠᠵᠤ ᠲᠡᠭᠦᠨ ᠢ | ᠲᠣᠭᠲᠠᠭᠠᠭᠰᠠᠨ ᠲᠠᠩᠰᠠᠨ ᠡᠷᠤᠭᠡ ᠳᠤ 5400 ᠲᠥᠭᠦᠷᠢᠭ ᠬᠠᠳᠠᠭᠠᠯᠠᠭᠤᠯᠬᠤ ᠪᠠᠷ ᠱᠠᠭᠠᠷᠳᠠᠵᠠᠶ᠃ ᠰᠡᠭᠦᠯᠡᠷ ᠨᠢ ᠨᠦᠬᠦᠭᠡ ᠡᠲᠡᠭᠡᠳ ᠨᠢ ᠭᠡᠷ᠎ᠡ ᠨᠢᠭᠡᠨᠲᠡ | ᠬᠦᠴᠦᠨ ᠲᠠᠢ ᠪᠣᠯᠤᠭᠰᠠᠨ ᠢᠶᠠᠷ ᠸᠠᠩ ᠣᠪᠣᠭᠲᠤ ᠶᠢ ᠦᠷᠭᠦᠯᠵᠢᠯᠡᠨ ᠪᠠᠩᠬᠢ ᠶᠢᠨ ᠺᠠᠷᠲ ᠲᠤ 1.2 ᠲᠦᠮᠡᠨ ᠲᠥᠭᠦᠷᠢᠭ ᠬᠠᠳᠠᠭᠠᠯᠠᠭᠤᠯᠬᠤ ᠭᠡᠪᠡ᠂ ᠡᠨᠡ ᠦᠶ᠎ᠡ ᠳᠤ | ᠸᠠᠩ ᠣᠪᠣᠭᠲᠤ ᠰᠠᠶ᠋ᠢ ᠮᠡᠬᠡᠯᠡᠭᠳᠡᠭᠰᠡᠨ ᠢᠶᠠᠨ ᠰᠡᠷᠡᠵᠦ ᠮᠡᠳᠡᠵᠡᠢ᠃ ᠸᠠᠩ ᠣᠪᠣᠭᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢ ᠪᠤᠳᠤᠵᠤ ᠣᠯᠣᠭᠠᠳ᠂ ᠲᠡᠷᠡ ᠳᠠᠷᠤᠶ ᠳᠤ ᠨᠢ ᠠᠳᠤᠭᠤᠴᠢᠨ ᠲᠣᠮᠢᠯᠠᠭᠰᠠᠨ ᠰᠠᠯᠪᠤᠷᠢ ᠳᠤ ᠬᠦᠷᠴᠦ ᠬᠡᠷᠡᠭ | ᠮᠡᠳᠡᠭᠦᠯᠪᠡ᠃ | ᠠᠷᠠᠳ ᠤᠨ ᠴᠠᠭᠳᠠᠭ᠎ᠠ ᠸᠠᠩ ᠣᠪᠣᠭᠲᠤ ᠶᠢᠨ ᠭᠠᠷ ᠤᠲᠠᠰᠤᠨ ᠳᠡᠭᠡᠷ᠎ᠡ ᠠᠵᠢᠯᠯᠠᠭᠤᠯᠤᠭᠰᠠᠨ ᠠᠵᠢᠯᠯᠠᠭ᠎ᠠ᠂ ᠵᠣᠭᠤᠰ ᠬᠠᠳᠠᠭᠠᠯᠠᠭᠰᠠᠨ᠂ ᠰᠢᠯᠭᠠᠨ ᠪᠠᠲᠤᠯᠠᠭᠰᠠᠨ | ᠨᠣᠮᠧᠷ᠂ ᠵᠣᠭᠤᠰ ᠰᠢᠯᠵᠢᠭᠦᠯᠦᠭᠰᠡᠨ᠂ ᠵᠣᠭᠤᠭᠳᠠᠭᠰᠠᠨ ᠲᠡᠮᠳᠡᠭᠯᠡᠯ ᠵᠡᠷᠭᠡ ᠠᠭᠤᠯᠭ᠎ᠠ ᠶᠢ ᠪᠠᠶᠢᠴᠠᠭᠠᠨ ᠦᠵᠡᠭᠰᠡᠨ ᠤ ᠳᠠᠷᠠᠭ᠎ᠠ᠂ ᠡᠨᠡ ᠪᠣᠯ ᠨᠢᠭᠡᠨ ᠬᠤᠳᠠᠯ ᠬᠠᠭᠤᠷᠮᠠᠭ | ᠰᠦᠯᠵᠢᠶᠡᠨ ᠤ ᠵᠢᠭᠡᠯᠡᠯᠭᠡ ᠶᠢᠨ ᠲᠥᠷᠥᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠨᠡᠶᠢᠲᠡᠯᠢᠭ ᠬᠡᠷᠡᠭ ᠮᠥᠨ ᠭᠡᠵᠦ ᠮᠠᠭᠠᠳᠯᠠᠨ ᠲᠣᠭᠲᠠᠭᠠᠵᠠᠶ᠃ ᠸᠠᠩ | ᠣᠪᠣᠭᠲᠤ ᠶᠢᠨ ᠭᠤᠪᠢᠭᠤᠯᠤᠭᠰᠠᠨ 5400 ᠲᠥᠭᠦᠷᠢᠭ ᠢ ᠮᠡᠬᠡᠯᠡᠭᠴᠢ ᠠᠴᠠ ᠤᠷᠢᠳᠠᠪᠠᠷ ᠠᠪᠠᠴᠢᠬᠤ ᠠᠴᠠ ᠰᠡᠷᠭᠡᠶᠢᠯᠡᠬᠦ ᠶᠢᠨ ᠲᠥᠯᠥᠭᠡ ᠠᠷᠠᠳ ᠤᠨ ᠴᠠᠭᠳᠠᠭ᠎ᠠ | ᠲᠡᠷᠡ ᠳᠠᠷᠤᠶ ᠳᠤ ᠨᠢ ᠬᠤᠰᠢᠭᠤᠨ ᠤ ᠲᠣᠪᠴᠢᠶᠠᠨ ᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠮᠡᠬᠡᠯᠡᠯ ᠢ ᠡᠰᠡᠷᠭᠦᠴᠡᠬᠦ ᠲᠥᠪ ᠲᠠᠢ | ᠬᠠᠷᠢᠯᠴᠠᠵᠤ ᠬᠠᠮᠵᠢᠯᠴᠠᠭᠤᠯᠪᠠ᠃ | ᠪᠠᠶᠢᠴᠠᠭᠠᠭᠰᠠᠨ ᠢᠶᠠᠷ᠂ ᠸᠠᠩ ᠣᠪᠣᠭᠲᠤ ᠶᠢᠨ ᠵᠣᠭᠤᠰ ᠨᠢ ᠨᠥᠭᠦᠭᠡ ᠡᠲᠡᠭᠡᠳ ᠤᠨ ᠪᠠᠩᠬᠢ ᠶᠢᠨ ᠳᠠᠩᠰᠠᠨ ᠡᠷᠦᠬᠡ ᠳᠤ ᠰᠢᠭᠤᠳ ᠣᠷᠤᠭ᠎ᠠ ᠦᠭᠡᠶ᠂ ᠬᠠᠷᠢᠨ | ᠭᠤᠷᠪᠠᠳᠤᠭᠠᠷ ᠡᠲᠡᠭᠡᠳ ᠤᠨ ᠪᠠᠩᠬᠢ ᠶᠢᠨ ᠳᠠᠩᠰᠠᠨ ᠡᠷᠦᠬᠡ ᠳᠤ ᠪᠠᠶᠢᠭ᠎ᠠ ᠪᠣᠯᠬᠤᠷ ᠠᠷᠠᠳ ᠤᠨ ᠴᠠᠭᠳᠠᠭ᠎ᠠ ᠲᠡᠷᠡ ᠳᠣᠣᠷ᠎ᠠ ᠨᠢ ᠪᠠᠩᠬᠢ ᠶᠢᠨ ᠦᠢᠯᠡᠴᠢᠯᠡᠭᠴᠢ ᠲᠠᠢ | ᠬᠠᠷᠢᠯᠴᠠᠵᠤ᠂ ᠮᠡᠬᠡᠯᠡᠭᠴᠢ ᠠᠴᠠ ᠨᠢᠭᠡ ᠠᠯᠬᠤᠮ ᠤᠷᠢᠲᠠᠵᠤ᠂ ᠮᠡᠬᠡᠯᠡᠭᠳᠡᠭᠰᠡᠨ ᠵᠣᠭᠤᠰ ᠢ ᠰᠢᠯᠵᠢᠭᠦᠯᠵᠦ ᠠᠪᠠᠴᠢᠬᠤ ᠠᠴᠠ ᠡᠮᠦᠨ᠎ᠡ ᠬᠤᠷᠢᠭᠯᠠᠵᠤ ᠴᠢᠳᠠᠭᠰᠠᠨ ᠪᠠᠶᠢᠨ᠎ᠠ᠃ | ᠸᠠᠩ ᠣᠪᠣᠭᠲᠤ ︽ᠠᠷᠠᠳ ᠤᠨ ᠴᠠᠭᠳᠠᠭ᠎ᠠ ᠠᠷᠠᠳ ᠲᠦᠮᠡᠨ ᠤ ᠲᠥᠯᠥᠭᠡ᠂ ᠠᠯᠳᠠᠭᠰᠠᠨ ᠢ ᠡᠭᠡᠭᠦᠯᠵᠦ ᠰᠡᠳᠬᠢᠯ ᠢ ᠪᠠᠶᠠᠰᠬᠠᠪᠠᠢ︾ ᠭᠡᠰᠡᠨ ᠬᠡᠮᠡᠷᠯᠢᠭ ᠲᠤᠭ ᠢ | ᠲᠤᠰᠬᠠᠶᠢᠯᠠᠨ ᠵᠣᠬᠢᠶᠠᠵᠤ ᠠᠳᠤᠭᠤᠴᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢᠨ ᠭᠠᠷ ᠲᠤ ᠬᠦᠷᠭᠡᠵᠦ᠂ ᠲᠡᠭᠦᠨ ᠢ ᠬᠤᠬᠢᠷᠠᠯ ᠠᠴᠠ | ᠵᠠᠶᠢᠯᠠᠭᠤᠯᠤᠭᠰᠠᠨ ᠳᠤ ᠲᠠᠯᠠᠷᠬᠠᠯ ᠢᠶᠠᠨ ᠢᠯᠡᠳᠬᠡᠪᠡ᠃ |