ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠢᠭᠡᠳᠦᠭᠡᠷ ᠤᠯᠠᠷᠢᠯ ᠤᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠤᠨ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ ᠤᠨ ᠦᠵᠡᠭᠦᠯᠦᠯᠭᠡ ᠶᠢᠨ ᠠᠵᠢᠯᠯᠠᠭ᠎ᠠ ᠤᠷᠠᠳ ᠤᠨ ᠬᠤᠶᠢᠲᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/4/11
      ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠥᠬᠡᠶ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠡᠳᠦᠭᠡᠷ ᠤᠯᠠᠷᠢᠯ ᠤᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠤᠨ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠠᠵᠢᠯᠯᠠᠭ᠎ᠠ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠶᠠᠪᠤᠭᠳᠠᠪᠠ᠃ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠾᠧ ᠷᠦᠢ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠤᠷᠠᠳ ᠤᠨ ᠬᠤᠶᠢᠲᠤ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠠ ᠭᠤᠸᠠᠩ ᠳ᠋ᠢ᠂ ᠬᠠᠤᠯᠢ ᠲᠦᠷᠢᠮ ᠤᠨ ᠰᠠᠯᠪᠤᠷᠢ ᠠᠩᠭᠢ ᠶᠢᠨ ᠳᠠᠷᠤᠭ᠎ᠠ ᠵᠠᠩ ᠸᠠᠨ ᠹᠠᠩ᠂ ᠡᠯ᠎ᠡ ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ︵ᠬᠤᠪᠢᠶᠠᠷᠢ︶ ᠲᠣᠪᠴᠢᠶ᠎ᠠ ᠶᠢᠨ ᠬᠠᠤᠯᠢ ᠲᠦᠷᠢᠮ ᠤᠨ ᠠᠵᠢᠯ ᠢ ᠬᠤᠪᠢᠳᠠᠨ ᠬᠠᠮᠢᠶᠠᠷᠬᠤ ᠲᠣᠪᠴᠢᠶ᠎ᠠ ᠶᠢᠨ ᠤᠳᠤᠷᠢᠳᠤᠯᠭ᠎ᠠ ᠵᠢᠴᠢ ᠬᠠᠤᠯᠢ ᠲᠦᠷᠢᠮ ᠤᠨ ᠶᠡᠭᠡ ᠠᠩᠭᠢ ᠶᠢᠨ ᠳᠠᠷᠤᠭ᠎ᠠ ᠣᠷᠣᠯᠴᠠᠵᠠᠶ᠃
A21A3538.JPG
      ᠬᠤᠷᠠᠯ ᠳᠤ ᠣᠷᠣᠯᠴᠠᠭᠰᠠᠨ ᠨᠥᠬᠦᠳ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠤᠷᠢᠳ ᠬᠤᠵᠢᠳ ᠬᠢᠨᠠᠨ ᠪᠠᠶᠢᠴᠠᠭᠠᠬᠤ ᠬᠠᠤᠯᠢ ᠲᠦᠷᠢᠮ ᠤᠨ ᠶᠡᠭᠡ ᠠᠩᠭᠢ ᠶᠢᠨ ᠬᠡᠷᠡᠭ ᠤᠨ ᠬᠠᠮᠢᠶᠠᠷᠤᠯᠲᠠ ᠶᠢᠨ ᠲᠥᠪ᠂ ᠬᠠᠮᠲᠤᠷᠠᠭᠰᠠᠨ ᠪᠠᠶᠢᠯᠳᠤᠭᠠᠨ ᠤ ᠲᠥᠪ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ᠂ ᠰᠢᠨ᠎ᠡ ᠪᠠᠷ ᠪᠠᠶᠢᠭᠤᠯᠤᠭᠰᠠᠨ ᠵᠠᠰᠠᠭ ᠵᠠᠬᠢᠷᠭᠠᠨ ᠤ ᠲᠦᠷ ᠬᠤᠷᠢᠬᠤ ᠭᠠᠵᠠᠷ ᠪᠠ ᠬᠤᠷᠢᠭᠤᠯ ᠤᠨ ᠭᠠᠵᠠᠷ ᠢ ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠪᠡ᠃ ᠦᠵᠡᠭᠦᠯᠦᠯᠭᠡ ᠶᠢᠨ ᠳᠤᠮᠳᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠡᠯ᠎ᠡ ᠴᠢᠳᠠᠮᠵᠢᠳᠤ ᠲᠠᠯᠠᠪᠤᠷ ᠤᠨ ᠵᠢᠷᠤᠭ ᠲᠥᠯᠥᠪᠯᠡᠭᠡ᠂ ᠬᠡᠷᠡᠭᠯᠡᠯᠲᠡ ᠵᠢᠴᠢ ᠬᠡᠷᠡᠭᠯᠡᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠪᠦᠷᠢᠯᠳᠦᠬᠦᠨ ᠪᠣᠯᠤᠨ ᠲᠠᠨᠢᠯᠴᠠᠭᠤᠯᠤᠭᠴᠢ ᠠᠴᠠ ᠬᠡᠷᠡᠭ ᠢ ᠨᠢᠭᠡ ᠯᠡ ᠥᠷᠲᠡᠭᠡᠨ ᠳᠤ ᠰᠢᠢᠳᠪᠦᠷᠢᠯᠡᠬᠦ᠂ ᠬᠠᠤᠯᠢ ᠲᠦᠷᠢᠮ ᠢ ᠵᠡᠷᠭᠡᠪᠡᠷ ᠬᠢᠨᠠᠯᠲᠠ ᠲᠠᠯᠪᠢᠬᠤ᠂ ᠬᠠᠮᠲᠤᠷᠠᠭᠰᠠᠨ ᠪᠠᠶᠢᠯᠳᠤᠭᠠᠨ ᠤ ᠲᠤᠯᠭᠠᠭᠤᠷᠢᠯᠠᠯ ᠲᠠᠢ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠠᠵᠢᠯ ᠤᠨ ᠳᠤᠮᠳᠠᠬᠢ ᠲᠤᠷᠰᠢᠯᠭ᠎ᠠ ᠪᠣᠯᠤᠨ ᠲᠣᠪᠣᠶᠢᠮ᠎ᠠ ᠲᠠᠯ᠎ᠠ ᠶᠢᠨ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠳᠠᠷᠠᠭ᠎ᠠ ᠳᠤ ᠨᠢ᠂ ᠲᠣᠪᠴᠢᠶ᠎ᠠ ᠶᠢᠨ ᠪᠠᠶᠢᠭᠤᠯᠭ᠎ᠠ ᠶᠢᠨ ᠠᠰᠠᠷ ᠤᠨ ᠲᠠᠪᠤᠳᠤᠭᠠᠷ ᠳᠠᠪᠬᠤᠷᠯᠢᠭ ᠲᠤ ᠶᠠᠷᠢᠯᠴᠠᠬᠤ ᠬᠤᠷᠠᠯ ᠬᠢᠵᠡᠶ᠃ ᠬᠤᠷᠠᠯ ᠳᠡᠭᠡᠷ᠎ᠡ᠂ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ᠂ ᠬᠡᠷᠡᠭ ᠢ ᠬᠢᠨᠠᠨ ᠰᠢᠯᠭᠠᠵᠤ ᠰᠢᠯᠭᠠᠨ ᠦᠨᠡᠯᠡᠬᠦ ᠵᠢᠴᠢ ᠬᠡᠷᠡᠭ ᠰᠢᠢᠳᠪᠦᠷᠢᠯᠡᠬᠦ ᠲᠠᠯᠠᠪᠤᠷ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠵᠡᠷᠭᠡ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠣᠨᠣᠰᠴᠤ᠂ ᠡᠯ᠎ᠡ ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠲᠣᠭᠤᠷᠢᠨ ᠦᠵᠡᠵᠦ ᠪᠠᠶᠢᠭ᠎ᠠ ᠪᠠᠶᠢᠳᠠᠯ ᠪᠣᠯᠤᠨ ᠲᠣᠰ ᠭᠠᠵᠠᠷ ᠣᠷᠣᠨ ᠤ ᠪᠠᠶᠢᠳᠠᠯ ᠤᠨ ᠲᠣᠭᠤᠷᠢᠨ ᠳᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠠᠯᠠᠪᠤᠷ ᠤᠨ ᠪᠥᠲᠥᠭᠡᠨ ᠪᠠᠶᠢᠭᠤᠯᠤᠯᠲᠠ ᠵᠢᠴᠢ ᠬᠡᠷᠡᠭᠯᠡᠯᠲᠡ ᠬᠠᠮᠢᠶᠠᠷᠤᠯᠲᠠ᠂ ᠬᠠᠤᠯᠢ ᠲᠦᠷᠢᠮ ᠤᠨ ᠠᠵᠢᠯᠲᠠᠨ ᠤ ᠬᠠᠮᠢᠶᠠᠷᠤᠯᠲᠠ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠳᠤ ᠬᠤᠪᠢ ᠬᠤᠷᠠᠮᠳᠤᠭᠤᠯᠬᠤ ᠲᠦᠷᠢᠮ᠂ ᠬᠡᠷᠡᠭ ᠬᠠᠮᠢᠶᠠᠷᠬᠤ ᠲᠥᠪ ᠤᠨ ᠠᠵᠢᠯᠯᠠᠭᠠᠨ᠂ ᠠᠬᠤᠶ ᠪᠠᠶᠢᠳᠠᠯ ᠤᠨ ᠬᠠᠤᠯᠢ ᠬᠡᠷᠡᠭᠵᠢᠭᠦᠯᠦᠯᠲᠡ ᠶᠢᠨ ᠪᠣᠯᠪᠠᠰᠤᠷᠠᠯ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠭ᠎ᠠ ᠬᠢᠬᠦ ᠶᠢᠨ ᠬᠠᠮᠲᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢ ᠵᠢᠭᠠᠵᠤ ᠭᠠᠷᠭᠠᠪᠠ᠃ ᠰᠣᠯᠢᠯᠴᠠᠭ᠎ᠠ ᠪᠠᠷ ᠳᠠᠮᠵᠢᠭᠤᠯᠤᠨ ᠨᠢᠭᠡᠳᠦᠭᠡᠷ ᠤᠯᠠᠷᠢᠯ ᠤᠨ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠬᠠᠤᠯᠢ ᠲᠦᠷᠢᠮ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠵᠠᠳᠠᠯᠤᠭᠰᠠᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠥᠰᠦᠪᠯᠡᠯ ᠢ ᠳᠤᠷᠠᠳᠤᠨ ᠭᠠᠷᠭᠠᠪᠠ᠃
ᠢᠷᠡᠯᠲᠡ᠄ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ