ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/17
      ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠤᠢ ᠪᠣᠯᠭᠠᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠴᠠᠭ ᠲᠤᠬᠠᠢ ᠳᠤ ᠨᠢ ᠳᠠᠮᠵᠢᠭᠤᠯᠤᠨ᠂ ᠴᠠᠭᠳᠠᠭ᠎ᠠ ᠶᠢ ᠲᠤᠳᠤᠨᠤᠴᠢᠯᠠᠬᠤ ᠴᠠᠭᠳᠠᠭ᠎ᠠ ᠶᠢ ᠬᠠᠷᠠᠭᠠᠯᠵᠠᠬᠤ ᠠᠵᠢᠯ ᠤᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠵᠤ᠂ ᠠᠷᠠᠳ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠨᠡᠩ ᠡᠷᠡᠭᠦᠯ ᠴᠢᠭᠢᠷᠠᠭ ᠪᠡᠶ᠎ᠡ ᠮᠠᠬᠠᠪᠤᠳ᠂ ᠨᠡᠩ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠬᠦ ᠶᠢ ᠪᠠᠳᠤᠯᠠᠬᠤ ᠶᠢᠨ ᠲᠥᠯᠥᠭᠡ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠡᠪᠴᠢᠶᠡᠨ ᠳᠤ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠴᠠᠭᠳᠠᠭ᠎ᠠ ᠡᠮᠴᠢ ᠬᠠᠮᠲᠤᠷᠠᠨ ᠨᠢᠭᠲᠠᠷᠠᠯ ᠢ ᠠᠬᠢᠭᠤᠯᠬᠤ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠡᠢ᠃
微信图片_20230406162651.jpg
     ᠠᠯᠪᠠᠨ ᠵᠢᠷᠤᠮ ᠤᠨ ᠡᠮᠴᠢᠯᠡᠭᠡ ᠶᠢ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠾᠧᠦ ᠶᠤᠸᠠᠢ 9 ᠬᠥᠮᠥᠨ ᠲᠤᠰᠬᠠᠢ ᠮᠡᠷᠭᠡᠵᠢᠯᠲᠡᠨ ᠤ ᠪᠦᠯᠬᠦᠮ ᠢ ᠳᠠᠭᠠᠭᠤᠯᠵᠤ᠂  ᠬᠢᠲᠠᠳ ᠡᠮᠨᠡᠯᠭᠡ᠂ ᠡᠸᠦ᠋ᠷᠦᠫᠡ ᠡᠮᠨᠡᠯᠭᠡ᠂ ᠶᠠᠰᠤ ᠪᠠᠷᠢᠬᠤ ᠵᠡᠷᠭᠡ ᠣᠨᠣᠰᠢᠯᠠᠨ ᠡᠮᠨᠡᠬᠦ ᠲᠦᠷᠦᠯ ᠵᠦᠢᠯ ᠵᠢᠴᠢ ︽ᠪᠠ ᠳ᠋ᠤᠸᠠᠨ ᠶᠢᠨ︾ ᠤ ᠰᠤᠷᠤᠯᠴᠠᠯᠭ᠎ᠠ ᠶᠢ ᠥᠷᠨᠢᠭᠦᠯᠵᠡᠢ᠃ ᠠᠯᠪᠠᠨ ᠵᠢᠷᠤᠮ ᠤᠨ ᠡᠮᠴᠢᠯᠡᠭᠡᠨ ᠤ ᠶᠠᠪᠤᠴᠠ ᠳᠤ᠂ ᠲᠤᠰᠬᠠᠢ ᠮᠡᠷᠭᠡᠵᠢᠯᠲᠡᠳ ᠠᠴᠠ ᠠᠰᠠᠭᠤᠨ ᠯᠠᠪᠯᠠᠬᠤ ᠪᠠᠷ ᠢᠷᠡᠭᠰᠡᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠡᠶ᠎ᠡ ᠮᠠᠬᠠᠪᠤᠳ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠢ ᠬᠠᠪᠰᠤᠷᠤᠨ ᠡᠪᠡᠳᠴᠢᠨ ᠡᠮᠭᠡᠭ ᠢ ᠵᠥᠪ ᠰᠡᠷᠭᠡᠶᠢᠯᠡᠨ ᠵᠠᠰᠠᠬᠤ᠂ ᠡᠷᠡᠭᠦᠯ ᠮᠡᠨᠳᠦ ᠠᠮᠢᠳᠤᠷᠠᠬᠤ᠂ ᠢᠳᠡᠪᠬᠢᠲᠡᠢ ᠠᠵᠢᠯᠯᠠᠬᠤ ᠳᠤ ᠬᠠᠨᠳᠤᠯᠭᠠᠲᠤ ᠴᠢᠨᠠᠷᠲᠠᠢ ᠡᠷᠡᠭᠦᠯ ᠮᠡᠨᠳᠦ ᠶᠢᠨ ᠵᠢᠯᠣᠭᠤᠳᠤᠯᠭ᠎ᠠ ᠬᠠᠩᠭᠠᠪᠠ︔ ᠬᠢᠲᠠᠳ ᠡᠮᠨᠡᠯᠭᠡ ᠶᠢᠨ ᠡᠷᠡᠭᠦᠯᠵᠢᠯ ᠤᠨ ᠰᠠᠯᠠᠭᠠᠨ ᠤ ᠲᠤᠰᠬᠠᠢ ᠮᠡᠷᠭᠡᠵᠢᠯᠲᠡᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠵᠡᠭᠦᠦ ᠲᠥᠭᠡᠨᠡᠯᠭᠡ᠂ ᠢᠯᠢᠵᠦ ᠨᠤᠬᠤᠯᠠᠬᠤ᠂ ᠶᠠᠰᠤ ᠪᠠᠷᠢᠬᠤ ᠵᠡᠷᠭᠡ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠥᠷᠨᠢᠭᠦᠯᠵᠦ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠦᠵᠦᠭᠦᠦ ᠮᠥᠷᠥ᠂ ᠨᠢᠷᠤᠭᠤ ᠰᠡᠭᠡᠷ ᠵᠡᠷᠭᠡ ᠪᠡᠶ᠎ᠡ ᠶᠢᠨ ᠬᠡᠰᠡᠭ ᠤᠨ ᠡᠪᠡᠳᠬᠦ ᠶᠢ ᠠᠷᠢᠯᠭᠠᠪᠠ︔ ᠡᠸᠦ᠋ᠷᠦᠫᠡ ᠡᠮᠨᠡᠯᠭᠡ ᠶᠢᠨ ᠲᠤᠰᠬᠠᠢ ᠮᠡᠷᠭᠡᠵᠢᠯᠲᠡᠨ ᠡᠷᠡᠭᠦᠯ ᠬᠠᠮᠠᠭᠠᠯᠠᠯ ᠡᠷᠡᠭᠦᠯᠵᠢᠯ᠂ ᠥᠪᠡᠷ ᠤᠨ ᠰᠡᠳᠬᠢᠴᠡ ᠶᠢᠨ ᠵᠣᠬᠢᠴᠠᠭᠤᠯᠭ᠎ᠠ᠂ ᠡᠷᠡᠭᠦᠯ ᠪᠤᠰᠤ ᠤᠷᠮ᠎ᠠ ᠰᠡᠳᠬᠢᠯᠭᠡ ᠶᠢ ᠬᠡᠷᠬᠢᠨ ᠲᠠᠶᠢᠳᠬᠤᠷᠠᠭᠤᠯᠬᠤ ᠵᠡᠷᠭᠡ ᠲᠠᠯ᠎ᠠ ᠪᠠᠷ ᠲᠠᠶᠢᠯᠤᠮᠵᠢ ᠬᠢᠵᠡᠢ᠃
微信图片_20230406162640.jpg
     ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ᠂ ᠡᠮᠴᠢ ᠶᠢᠨ ᠬᠠᠯᠠᠭᠤᠮᠰᠤᠭ ᠨᠢᠮᠪᠠᠢ ᠦᠢᠯᠡᠴᠢᠯᠡᠭᠡ ᠨᠢ ᠣᠯᠠᠨ ᠤ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠪᠡᠳᠴᠢᠨ ᠡᠮᠭᠡᠭ ᠢ ᠰᠢᠢᠳᠪᠦᠷᠢᠯᠡᠬᠦ ᠶᠢᠨ ᠬᠠᠮᠲᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠲᠣᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠭᠤᠯᠵᠤ᠂ ᠡᠭᠦᠨ ᠤ ᠳᠤᠮᠳᠠ ᠠᠴᠠ ᠮᠠᠰᠢ ᠣᠯᠠᠨ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ ᠶᠢ ᠡᠵᠡᠮᠰᠢᠭᠦᠯᠦᠨ᠂ ᠲᠣᠰ ᠪᠡᠶ᠎ᠡ ᠶᠢᠨ ᠡᠷᠡᠭᠦᠯ ᠮᠡᠨᠳᠦ ᠶᠢ ᠬᠦᠨᠳᠦᠳᠬᠡᠨ ᠦᠵᠡᠬᠦ ᠴᠢᠳᠠᠪᠤᠷᠢ ᠶᠢ ᠳᠡᠭᠡᠭᠰᠢᠯᠡᠭᠦᠯᠦᠨ᠂ ᠡᠪᠡᠳᠴᠢᠨ ᠡᠮᠭᠡᠭ ᠢ ᠤᠯᠠᠮ ᠨᠢᠭᠡ ᠠᠯᠬᠤᠮ ᠪᠦᠲᠦᠮᠵᠢᠲᠡᠶ ᠪᠠᠷ ᠰᠡᠷᠭᠡᠶᠢᠯᠡᠬᠦ ᠪᠠ ᠪᠠᠭᠠᠰᠬᠠᠬᠤ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ᠃ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠳᠤ ᠣᠷᠣᠯᠴᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠠᠯᠪᠠᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠪᠠᠷ ᠳᠡᠮᠵᠢᠨ᠂ ᠵᠣᠬᠢᠶᠠᠨ ᠪᠠᠶᠢᠭᠤᠯᠤᠯᠲᠠ ᠶᠢᠨ ᠬᠠᠷᠠᠭᠠᠯᠵᠠᠯ ᠬᠠᠯᠠᠮᠵᠢᠯᠠᠯ ᠢ ᠣᠯᠠᠨ ᠳᠤ ᠭᠦᠢᠴᠡᠳ ᠮᠡᠳᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠬᠠᠷᠠᠭᠠᠯᠵᠠᠯ ᠬᠠᠯᠠᠮᠵᠢᠯᠠᠯ ᠢ ᠵᠠᠪᠠᠯ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠦᠳᠡᠯᠭᠡᠬᠦ ᠬᠦᠴᠦᠨ ᠪᠠ ᠡᠷᠡᠰ ᠵᠣᠷᠢᠭ ᠪᠣᠯᠭᠠᠨ ᠬᠤᠪᠢᠷᠠᠭᠤᠯᠵᠤ᠂ ᠡᠷᠡᠯᠬᠡᠭᠯᠡᠨ ᠤᠷᠤᠭᠰᠢᠯᠠᠵᠤ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠎ᠡ ᠭᠡᠵᠦ ᠢᠯᠡᠷᠬᠡᠶᠢᠯᠡᠪᠡ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ