ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠪᠰᠤᠷᠤᠭᠴᠢ ᠴᠠᠭᠳᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠡᠭᠡᠯᠵᠢᠲᠦ ᠪᠣᠯᠪᠠᠰᠤᠷᠠᠭᠤᠯᠬᠤ ᠢᠨᠵᠧᠨᠧᠷᠢᠩ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/4/17
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠪᠰᠤᠷᠤᠭᠴᠢ ᠴᠠᠭᠳᠠᠭ᠎ᠠ ᠶᠢᠨ ᠡᠩᠨᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠬᠠᠪᠰᠤᠷᠤᠭᠴᠢ ᠴᠠᠭᠳᠠᠭ᠎ᠠ ᠶᠢᠨ ᠤᠯᠤᠰ ᠲᠥᠷᠥ ᠣᠨᠣᠯ ᠤᠨ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠮᠡᠳᠡᠯᠭᠡ ᠪᠠ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠠᠪᠰᠤᠷᠤᠭᠴᠢ ᠴᠠᠭᠳᠠᠭ᠎ᠠ ᠶᠢᠨ ᠡᠩᠨᠡᠭᠡ ᠶᠢᠨ ᠰᠠᠬᠢᠯᠭ᠎ᠠ ᠪᠠᠲᠤ ᠣᠪᠣᠷ ᠰᠤᠷᠲᠠᠯ ᠤᠨ ᠬᠥᠮᠦᠵᠢᠯ ᠢ ᠠᠬᠢᠭᠤᠯᠬᠤ ᠶᠢᠨ ᠲᠥᠯᠥᠭᠡ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠢ ᠠᠵᠢᠯᠯᠠᠭ᠎ᠠ ᠶᠢᠨ ︽ᠬᠡᠪ ᠴᠢᠨᠠᠷ ᠢ ᠴᠢᠩᠭᠠᠳᠬᠠᠬᠤ ᠠᠵᠢᠯ ᠤᠨ ᠬᠤᠪᠢᠶᠠᠷᠢ ᠲᠥᠰᠥᠯ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠪᠰᠤᠷᠤᠭᠴᠢ ᠴᠠᠭᠳᠠᠭᠠᠨ ᠤ ᠬᠡᠪ ᠴᠢᠨᠠᠷ ᠢ ᠳᠡᠭᠡᠭᠰᠢᠯᠡᠭᠦᠯᠵᠦ ᠡᠭᠡᠯᠵᠢᠲᠦ ᠪᠣᠯᠪᠠᠰᠤᠷᠠᠭᠤᠯᠬᠤ ᠢᠨᠵᠧᠨᠧᠷᠢᠩ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠥᠷᠨᠢᠭᠦᠯᠪᠡ᠃ ᠣᠳᠣᠬᠠᠨ ᠳᠤ᠂ ᠠᠩᠬᠠᠳᠤᠭᠠᠷ ᠬᠤᠭᠤᠴᠠᠭᠠᠨ ᠤ ᠡᠭᠡᠯᠵᠢᠲᠦ ᠪᠣᠯᠪᠠᠰᠤᠷᠠᠯ ᠤᠨ ᠠᠩᠭᠢ ᠨᠢᠭᠡᠨᠲᠡ ᠲᠡᠭᠦᠰ ᠠᠮᠵᠢᠯᠲᠠ ᠲᠠᠢ ᠳᠠᠭᠤᠰᠴᠤ᠂  ᠪᠣᠯᠪᠠᠰᠤᠷᠠᠯ ᠳᠤ ᠣᠷᠣᠯᠴᠠᠭᠰᠠᠨ ᠬᠠᠪᠰᠤᠷᠤᠭᠴᠢ ᠴᠠᠭᠳᠠᠭ᠎ᠠ ᠬᠢᠨᠠᠨ ᠰᠢᠯᠭᠠᠯᠲᠠ ᠪᠠᠷ ᠳᠡᠮᠵᠢᠨ ᠤᠷᠤᠭᠰᠢᠲᠠᠢ ᠪᠠᠷ ᠰᠤᠷᠤᠯᠭ᠎ᠠ ᠲᠡᠭᠦᠰᠪᠡ᠃
微信图片_20230406162543.jpg
    ᠲᠣᠰ ᠤᠳᠠᠭᠠᠨ ᠤ ᠡᠭᠡᠯᠵᠢᠲᠦ ᠪᠣᠯᠪᠠᠰᠤᠷᠠᠯ ᠢ ᠬᠤᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂  ᠪᠣᠯᠪᠠᠰᠤᠷᠠᠯ ᠤᠨ ᠲᠠᠯᠠᠪᠤᠷ ᠭᠠᠵᠠᠷ ᠪᠠ ᠪᠣᠯᠪᠠᠰᠤᠷᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠣᠯᠠᠨ ᠤᠳᠠᠭ᠎ᠠ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠰᠤᠳᠤᠯᠤᠨ ᠵᠥᠪᠳᠡᠯᠴᠡᠵᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ︔ ᠬᠤᠲᠠ ᠶᠢᠨ ᠲᠣᠪᠴᠢᠶ᠎ᠠ ᠶᠢᠨ ᠤᠯᠤᠰ ᠲᠥᠷᠥ ᠶᠢᠨ ᠬᠡᠯᠲᠡᠰ ᠪᠠ ᠴᠠᠭᠳᠠᠭ᠎ᠠ ᠶᠢᠨ ᠪᠣᠯᠪᠠᠰᠤᠷᠠᠯ ᠤᠨ ᠰᠠᠯᠪᠤᠷᠢ ᠠᠩᠭᠢ ︽ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ᠂ ᠨᠠᠷᠢᠯᠢᠭ ᠣᠨᠣᠴᠠᠲᠠᠢ︾ ᠪᠠᠶᠢᠬᠤ ᠵᠠᠷᠴᠢᠮ ᠢ ᠪᠠᠷᠢᠮᠲᠠᠯᠠᠵᠤ᠂ ᠡᠮᠦᠨᠡᠬᠢ ᠬᠤᠭᠤᠴᠠᠭᠠᠨ ᠤ ᠶᠡᠭᠡ ᠬᠡᠮᠵᠢᠶᠡᠨ ᠤ ᠪᠠᠶᠢᠴᠠᠭᠠᠨ ᠰᠤᠳᠤᠯᠤᠯᠲᠠ ᠪᠠ ᠭᠦᠢᠴᠡᠳ ᠪᠡᠯᠡᠳᠬᠡᠯ ᠬᠢᠭᠰᠡᠨ ᠰᠠᠭᠤᠷᠢᠨ ᠳᠡᠭᠡᠷ᠎ᠡ᠂ ᠦᠨᠡᠨ ᠰᠡᠳᠬᠢᠯ ᠠᠴᠠ ᠪᠠᠨ ᠬᠠᠮᠲᠤᠷᠠᠨ ᠠᠵᠢᠯᠯᠠᠵᠤ᠂ ᠨᠢᠭᠲᠠ ᠬᠠᠮᠵᠢᠯᠴᠠᠨ᠂ ᠪᠣᠯᠪᠠᠰᠤᠷᠠᠯ ᠤᠨ ᠵᠢᠭᠠᠨ ᠰᠤᠷᠭᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠡᠭᠡᠯᠵᠢᠲᠦ  ᠪᠣᠯᠪᠠᠰᠤᠷᠠᠯ ᠤᠨ ᠠᠩᠭᠢ ᠨᠢ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ︾ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠂ ᠤᠯᠤᠰ ᠲᠦᠷᠦ ᠪᠠᠷ ᠴᠠᠭᠳᠠᠭ᠎ᠠ ᠪᠠᠶᠢᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠤᠨᠤᠯ ᠪᠣᠯᠣᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠪᠠ᠃ ᠡᠭᠦᠨ ᠤ ᠬᠠᠮᠲᠤ᠂ ᠵᠢᠭᠠᠨ ᠰᠤᠷᠭᠠᠯᠲᠠ ᠶᠢᠨ ᠬᠡᠷᠡᠭᠯᠡᠭᠡᠨ ᠤ ᠴᠢᠨᠠᠷ ᠢ ᠭᠦᠢᠴᠡᠳ ᠪᠣᠳᠣᠯᠬᠢᠯᠠᠨ᠂ ᠪᠣᠳᠠᠲᠤ ᠪᠠᠶᠢᠯᠳᠤᠭᠠᠨ ᠤ ᠴᠢᠨᠠᠷ ᠢ ᠳᠣᠪᠤᠶᠢᠯᠭᠠᠵᠤ᠂ ︽ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠵᠢᠴᠢ ᠰᠠᠬᠢᠯᠭ᠎ᠠ ᠪᠠᠲᠤ᠂ ᠡᠭᠦᠷᠭᠡ ᠭᠦᠢᠴᠡᠳᠬᠡᠬᠦ ᠦᠶᠯᠡ ᠠᠵᠢᠯᠯᠠᠭ᠎ᠠ ᠵᠢᠴᠢ ᠵᠢᠷᠤᠮᠵᠢᠯ᠂ ᠰᠠᠬᠢᠯᠭ᠎ᠠ ᠪᠠᠲᠤ ᠶᠢᠨ ᠣᠶᠢᠯᠠᠭᠠᠭᠳᠠᠬᠤᠨ ᠵᠢᠴᠢ ᠣᠪᠣᠷ ᠰᠤᠷᠲᠠᠯ︾ ᠵᠡᠷᠭᠡ ᠬᠡᠰᠡᠭ ᠲᠠᠢ ᠨᠢᠭᠲᠠ ᠤᠶᠠᠯᠳᠤᠭᠤᠯᠤᠨ᠂ ᠬᠠᠪᠰᠤᠷᠤᠭᠴᠢ ᠴᠠᠭᠳᠠᠭᠠᠨ ᠤ ᠶᠡᠷᠦᠩᠬᠡᠶᠢᠯᠡᠭᠰᠡᠨ ᠴᠢᠳᠠᠪᠤᠷᠢ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠪᠡ᠃ ᠬᠢᠴᠢᠶᠡᠯ ᠤᠨ ᠲᠣᠬᠢᠷᠠᠭᠤᠯᠤᠯᠲᠠ ᠳᠤ ︽ᠤᠯᠤᠰ ᠲᠥᠷᠥ ᠶᠢᠨ ᠣᠨᠣᠯ᠂ ᠣᠯᠠᠨ ᠲᠦᠮᠡᠨ ᠳᠤ ᠦᠢᠯᠡᠴᠢᠯᠡᠬᠦ᠂ ᠳᠦᠷᠢ ᠲᠥᠷᠬᠦ ᠶᠢ ᠳᠡᠭᠡᠭᠰᠢᠯᠡᠭᠦᠯᠬᠦ︾ ᠵᠡᠷᠭᠡ ᠪᠣᠳᠠᠲᠤ ᠬᠡᠷᠡᠭᠴᠡᠭᠡ ᠪᠠᠷ ᠭᠤᠣᠯ ᠪᠣᠯᠭᠠᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠪᠠᠶᠢᠳᠠᠭ᠃
微信图片_20230406162618.jpg
    ᠲᠤᠰ ᠤᠳᠠᠭ᠎ᠠ ᠶᠢᠨ ᠪᠣᠯᠪᠠᠰᠤᠷᠠᠯ ᠨᠢ ᠪᠦᠬᠦ ᠬᠠᠪᠰᠤᠷᠤᠭᠴᠢ ᠴᠠᠭᠳᠠᠭ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠶᠢᠨ ᠬᠡᠪ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠪᠣᠳᠠᠲᠤ ᠪᠠᠶᠢᠯᠳᠤᠭᠠᠨ ᠳᠤ ᠬᠠᠪᠢᠲᠠᠭᠰᠠᠨ᠂ ᠪᠣᠯᠪᠠᠰᠤᠷᠠᠯ ᠤᠨ ᠬᠠᠷᠢᠯᠴᠠᠨ ᠦᠢᠯᠡᠳᠦᠯᠴᠡᠭᠰᠡᠨ ᠴᠠᠭᠳᠠᠭ᠎ᠠ ᠪᠣᠯᠪᠠᠰᠤᠷᠠᠭᠤᠯᠬᠤ ᠦᠷ᠎ᠡ ᠪᠦᠲᠦᠮᠵᠢ ᠳᠤ ᠬᠦᠷᠴᠦ᠂ ᠡᠩᠨᠡᠭᠡ ᠶᠢᠨ ᠴᠠᠭ ᠢᠮᠠᠭᠲᠠ ᠲᠠᠶᠢᠴᠢᠯᠠᠵᠤ ᠳᠡᠶᠢᠯᠬᠦ᠂ ᠰᠢᠪᠲᠤᠯᠵᠤ ᠳᠡᠶᠢᠯᠬᠦ᠂ ᠢᠯᠠᠯᠲᠠ ᠣᠯᠵᠤ ᠳᠡᠶᠢᠯᠬᠦ ᠶᠢ ᠪᠠᠲᠤᠯᠠᠵᠤ᠂ ᠠᠮᠤᠷ ᠠᠮᠤᠭᠤᠯᠠᠩ ᠦᠬᠠᠢ ᠶᠢᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠨ ᠬᠤᠪᠢ ᠨᠡᠮᠡᠷᠢ ᠦᠵᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ