ᠵᠠᠭᠠᠯᠠᠢ ᠡᠷᠡᠭᠦᠯᠵᠢᠭᠰᠡᠨ ᠤ ᠳᠠᠷᠠᠭ᠎ᠠ ᠳᠠᠬᠢᠨ ᠣᠭᠲᠠᠷᠭᠤᠶ ᠳᠤ ᠳᠡᠭᠦᠯᠢᠪᠡ
ᠨᠡᠶᠢᠲᠡᠯᠡᠭᠰᠡᠨ ᠴᠠᠭ᠄
2023/4/27
    2 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠢᠨ ᠬᠠᠩ ᠰᠠᠭᠤᠭᠠᠯᠢ ᠲᠣᠭᠤᠷᠢᠭ ᠤᠨ ᠲᠣᠮᠢᠯᠠᠭᠰᠠᠨ ᠰᠠᠯᠪᠤᠷᠢ ᠨᠢ ᠪᠤᠭᠤᠲᠤ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠪᠤᠭᠤᠲᠤ ᠬᠤᠲᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠥᠪ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠪᠤᠭᠤᠲᠤ ᠬᠤᠲᠠ ᠶᠢᠨ ᠨᠠᠨ ᠬᠠᠢ ᠨᠤᠭᠤ ᠭᠠᠵᠠᠷ ᠤᠨ ᠬᠠᠲᠤᠨ ᠭᠤᠤᠯ ᠤᠨ ᠬᠥᠪᠡᠭᠡᠨ ᠳᠤ᠂ ᠠᠮᠵᠢᠯᠲᠠᠲᠠᠶ ᠠᠪᠤᠷᠠᠨ ᠲᠤᠰᠠᠯᠠᠭᠰᠠᠨ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠤ ᠵᠠᠭᠠᠯᠠᠢ ᠶᠢ ᠡᠬᠡ ᠪᠠᠶᠢᠭᠠᠯᠢ ᠳᠤ ᠲᠠᠯᠪᠢᠪᠠ᠃    ᠡᠨᠡ ᠤᠳᠠᠭ᠎ᠠ ᠨᠢᠰᠬᠡᠵᠦ ᠪᠠᠶᠢᠭ᠎ᠠ ᠵᠠᠭᠠᠯᠠᠢ ᠶᠢᠨ ᠪᠡᠶ᠎ᠡ ᠶᠢᠨ ᠣᠷᠳᠣ ᠨᠢ ᠨᠢᠭᠡ ᠮᠧᠲᠷ ᠰᠢᠬᠠᠮ᠂ ᠳᠠᠯᠠᠪᠴᠢ ᠶᠢᠨ ᠳᠡᠯᠭᠡᠯᠲᠡ ᠨᠢ ᠬᠤᠶᠠᠷ ᠮᠧᠲᠷ ᠢ ᠳᠠᠪᠠᠵᠤ᠂ ᠠᠪᠤᠷᠭᠤ ᠲᠣᠮᠣ ᠪᠡᠶ᠎ᠡ ᠲᠠᠢ᠂ ᠲᠣᠮᠣ ᠬᠡᠯᠪᠡᠷᠢ ᠶᠢᠨ ᠳᠣᠭᠰᠢᠨ ᠵᠢᠭᠦᠷᠲᠡᠨ ᠳᠤ ᠲᠣᠭᠠᠴᠠᠭᠳᠠᠵᠤ᠂ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠤᠨ᠎ᠠ᠃ 2023 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ᠂ ᠰᠢᠪᠠᠭᠤ ᠰᠡᠭᠦᠳᠡᠷᠯᠡᠬᠦ ᠳᠤᠷᠠᠲᠠᠶ ᠨᠢᠭᠡᠨ ᠬᠥᠮᠦᠨ ᠨᠠᠨ ᠬᠠᠢ ᠨᠤᠭᠤ ᠭᠠᠵᠠᠷ ᠲᠤ ᠵᠠᠭᠠᠯᠠᠢ ᠰᠢᠷᠬᠠᠲᠤᠭᠰᠠᠨ ᠰᠡᠵᠢᠭ ᠲᠠᠢ ᠪᠠᠶᠢᠬᠤ ᠶᠢ ᠣᠯᠵᠤ ᠮᠡᠳᠡᠭᠡᠳ᠂ ᠲᠡᠷᠡ ᠳᠠᠷᠤᠶ ᠴᠠᠭᠳᠠᠭ᠎ᠠ ᠳᠤ ᠮᠡᠳᠡᠭᠦᠯᠪᠡ᠃ ᠮᠢᠨ ᠬᠠᠩ ᠰᠠᠭᠤᠭᠠᠯᠢ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠯᠤᠨ ᠨᠠᠨ ᠬᠠᠢ ᠨᠤᠭᠤ ᠭᠠᠵᠠᠷ ᠤᠨ ᠲᠣᠭᠤᠷᠢᠨ ᠴᠠᠭᠳᠠᠭᠴᠢ ᠲᠡᠷᠡ ᠳᠠᠷᠤᠢ ᠳᠤ ᠨᠢ ᠵᠠᠭᠠᠯᠠᠢ ᠶᠢ ᠪᠤᠭᠤᠲᠤ ᠬᠤᠲᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠥᠪ ᠲᠤ ᠬᠦᠷᠭᠡᠵᠦ ᠠᠪᠤᠷᠠᠨ ᠵᠠᠰᠠᠪᠠ᠃    ᠪᠠᠶᠠᠷᠯᠠᠭᠤᠰᠢᠲᠠᠶ ᠨᠢ᠂ ᠡᠨᠡ ᠬᠦ ᠵᠠᠭᠠᠯᠠᠢ ᠶᠢᠨ ᠰᠢᠷᠬ᠎ᠠ ᠨᠢ ᠲᠡᠶᠢᠮᠦ ᠬᠦᠨᠳᠦ ᠪᠢᠰᠢ ᠪᠥᠭᠡᠳ ᠴᠠᠭ ᠲᠤᠬᠠᠶ ᠳᠤ ᠨᠢ ᠠᠪᠤᠷᠠᠨ ᠲᠤᠰᠠᠯᠠᠭᠰᠠᠨ ᠠᠴᠠ ᠪᠡᠶ᠎ᠡ ᠨᠢ ᠨᠡᠯᠢᠶᠡᠳ ᠲᠦᠷᠭᠡᠨ ᠡᠳᠡᠭᠡᠷᠡᠵᠡᠶ᠃ ᠪᠤᠭᠤᠲᠤ ᠬᠤᠲᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠥᠪ ᠤᠨ ᠠᠵᠢᠯᠲᠠᠨ ᠤ ᠰᠠᠷ᠎ᠠ ᠰᠢᠬᠠᠮ ᠤᠨ ᠨᠠᠷᠢᠨ ᠨᠢᠮᠪᠠᠶ ᠰᠤᠪᠢᠯᠠᠯᠲᠠ ᠪᠠᠷ ᠳᠡᠮᠵᠢᠨ᠂ ᠣᠲᠣ ᠨᠢᠭᠡᠨᠲᠡ ᠲᠠᠯᠪᠢᠵᠤ ᠶᠠᠪᠤᠭᠤᠯᠬᠤ ᠨᠥᠬᠦᠴᠡᠯ ᠳᠤ ᠭᠦᠷᠦᠭᠰᠡᠨ ᠪᠠᠶᠢᠨ᠎ᠠ᠃    ᠡᠬᠡ ᠪᠠᠶᠢᠭᠠᠯᠢ ᠳᠤ ᠪᠤᠴᠠᠭᠠᠬᠤ ᠳᠤ᠂ ᠵᠠᠭᠠᠯᠠᠢ ᠵᠢᠭᠦᠷ ᠢᠶᠠᠨ ᠳᠡᠯᠭᠡᠨ ᠥᠨᠳᠥᠷ ᠲᠤ ᠳᠡᠭᠦᠯᠢᠨ ᠨᠢᠰᠴᠦ᠂ ᠥᠨᠳᠥᠷ ᠣᠭᠲᠠᠷᠭᠤᠶ ᠳᠤ ᠤᠳᠠᠲᠠᠯ᠎ᠠ ᠡᠷᠭᠢᠯᠳᠦᠭᠰᠡᠨ ᠤ ᠳᠠᠷᠠᠭ᠎ᠠ ᠠᠭᠠᠵᠢᠮ ᠢᠶᠠᠷ ᠬᠥᠮᠦᠰ ᠤᠨ ᠬᠠᠷᠠᠭᠠᠨ ᠠᠴᠠ ᠵᠠᠮᠬᠠᠷᠠᠪᠠ᠃    ᠲᠣᠰ ᠤᠳᠠᠭᠠᠨ ᠤ ᠡᠬᠡ ᠪᠠᠶᠢᠭᠠᠯᠢ ᠳᠤ ᠪᠤᠴᠠᠭᠠᠭᠰᠠᠨ ᠵᠠᠭᠠᠯᠠᠢ GPS ᠰᠢᠪᠠᠭᠤᠨ ᠤ ᠲᠥᠷᠥᠯ ᠤᠨ ᠮᠥᠷᠳᠡᠭᠦᠷ ᠵᠡᠭᠦᠵᠦ᠂ ᠲᠡᠭᠦᠨ ᠤ ᠨᠡᠭᠦᠳᠡᠯ ᠤᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠬᠤ ᠳᠤ ᠬᠠᠪᠰᠤᠷᠤᠮᠵᠢ ᠦᠵᠡᠭᠦᠯᠪᠡ᠃    
ᠢᠷᠡᠯᠲᠡ᠄ ᠪᠤᠭᠤᠳᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ