ᠲᠦᠮᠡᠨ ᠪᠣᠳᠠᠰ ᠰᠢᠨᠡᠳᠴᠦ᠂ ᠡᠪᠡᠰᠦ ᠨᠣᠭᠤᠭ᠎ᠠ ᠨᠤᠭᠤᠭᠠᠷᠠᠵᠤ ᠪᠠᠶᠢᠭ᠎ᠠ ᠭᠤᠷᠪᠠᠨ ᠰᠠᠷ᠎ᠠ ᠳᠤ᠂ ᠠᠷᠪᠠᠳᠠᠬᠢ ︽ᠳᠡᠯᠡᠬᠡᠶ ᠶᠢᠨ ᠬᠡᠭᠡᠷ᠎ᠡ ᠶᠢᠨ ᠠᠮᠢᠲᠠᠨ | ᠤᠷᠭᠤᠮᠠᠯ ᠤᠨ ᠡᠳᠦᠷ︾ ᠢ ᠳᠠᠭᠠᠯᠳᠤᠨ᠂ 2022 ᠣᠨ ᠤ 3 ᠰᠠᠷ᠎ᠠ ᠶᠢᠨ 13 ᠤ ᠡᠳᠦᠷ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ︽ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠬᠤ ᠠᠵᠢᠯᠯᠠᠭ᠎ᠠ︾ ︽ᠺᠦᠨᠯᠦ᠋ᠨ 2023︾ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠢᠪᠠ᠃ ᠪᠤᠭᠤᠲᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ | ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠪᠤᠷᠢ ᠠᠩᠬᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠢᠴᠢ ᠬᠤᠳᠠ ᠶᠢᠨ | ᠲᠤᠪᠴᠢᠶ᠎ᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2023 ᠣᠨ ᠤ ᠬᠠᠪᠤᠷ ᠨᠠᠮᠤᠷ ᠬᠤᠶᠠᠷ ᠤᠯᠠᠷᠢᠯ ᠤᠨ ᠨᠡᠭᠦᠳᠡᠯ ᠤᠨ | ᠰᠢᠪᠠᠭᠤ ᠶᠢ ᠬᠠᠮᠠᠭᠠᠯᠠᠬᠤ ᠲᠤᠰᠬᠠᠢ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠥᠷᠨᠢᠭᠦᠯᠪᠡ᠃ | | | | ᠪᠤᠭᠤᠲᠤ ᠬᠤᠲᠠ ᠶᠢᠨ ᠬᠢᠯᠢ ᠳᠣᠲᠣᠷᠠᠬᠢ ᠬᠠᠲᠤᠨ ᠭᠤᠤᠯ ᠳᠠᠭᠠᠤ ᠶᠢᠨ ᠴᠢᠭᠢᠭᠯᠢᠭ ᠭᠠᠵᠠᠷ ᠨᠢ ᠠᠽᠢᠶ᠎ᠠ ᠲᠢᠪ ᠤᠨ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ | ᠭᠤᠷᠪᠠᠨ ᠶᠡᠭᠡ ᠵᠠᠮ ᠤᠨ ᠨᠢᠭᠡ ︵ᠠᠦ᠋ᠰᠲᠷᠡᠯᠢᠶ᠎ᠠ — ᠵᠡᠭᠦᠨ ᠠᠽᠢᠶ᠎ᠠ — ᠰᠢᠪᠧᠷᠢᠶ᠎ᠠ ᠶᠢᠨ ᠨᠡᠪᠲᠡᠷᠡᠬᠦ ᠵᠠᠮ︶ ᠶᠢᠨ ᠴᠢᠬᠤᠯᠠ ᠵᠣᠭᠰᠣᠬᠤ ᠥᠷᠲᠡᠭᠡ | ᠪᠣᠯᠤᠭᠰᠠᠨ ᠤ ᠬᠤᠪᠢ ᠳᠤ᠂ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ᠂ ᠣᠷᠣᠰᠢᠨ ᠠᠮᠢᠳᠤᠷᠠᠬᠤ᠂ ᠦᠷᠡᠵᠢᠬᠦ ᠴᠢᠬᠤᠯᠠ ᠲᠠᠯᠠᠪᠤᠷ ᠪᠣᠯᠵᠣ᠂ ᠠᠩᠭᠢᠷ᠂ ᠲᠣᠮᠤ ᠬᠠᠯᠳᠠᠷ | ᠨᠤᠭᠤᠰᠤ᠂ ᠴᠠᠭᠠᠨ ᠳᠡᠭᠡᠯᠡᠶ᠂ ᠬᠠᠯᠢᠭᠤᠨ ᠭᠠᠯᠠᠭᠤ᠂ ᠬᠤᠨ ᠭᠠᠯᠠᠭᠤ ᠵᠡᠷᠭᠡ 30 ᠭᠠᠷᠤᠶ ᠵᠦᠢᠯ ᠤᠨ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠨᠢᠭᠡᠳᠦᠭᠡᠷ ᠳᠡᠰ᠂ | ᠬᠤᠶᠠᠳᠤᠭᠠᠷ ᠳᠡᠰ ᠤᠨ ᠬᠡᠭᠡᠷ᠎ᠡ ᠶᠢᠨ ᠰᠢᠪᠠᠭᠤᠨ ᠤ ᠲᠥᠷᠥᠯ ᠲᠠᠷᠬᠠᠵᠤ ᠪᠣᠶ᠃ | | | | ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠬᠡᠷᠡᠭ ᠢ ᠲᠤᠷᠰᠢᠨ | ᠪᠠᠶᠢᠴᠠᠭᠠᠬᠤ ᠰᠠᠯᠪᠤᠷᠢ ᠠᠩᠭᠢ ᠶᠢᠨ ᠡᠳᠡᠭᠡᠷ ᠬᠡᠭᠡᠷ᠎ᠡ ᠶᠢᠨ ᠠᠮᠢᠲᠠᠨ ᠤ ᠰᠠᠬᠢᠭᠴᠢ ᠪᠣᠯᠤᠭᠰᠠᠨ ᠤ ᠬᠤᠪᠢ ᠳᠤ᠂ ᠣᠶᠢᠷ᠎ᠠ ᠶᠢᠨ ᠡᠳᠦᠷ ᠤᠳ ᠲᠤ᠂ ᠲᠦᠮᠡᠳ ᠪᠠᠷᠠᠭᠤᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠤᠪᠣᠷ | ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠵᠢᠦ ᠶᠤᠸᠠᠨ ᠲᠣᠭᠤᠷᠢᠭ ᠤᠨ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠲᠣᠭᠤᠷᠢᠭ ᠢᠳᠡᠭᠡᠨ ᠡᠮ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠠᠢ ᠬᠠᠮᠲᠤᠷᠠᠨ᠂ | ᠨᠡᠭᠦᠳᠡᠯ ᠤᠨ ᠰᠢᠪᠠᠭᠤᠳ ᠤᠨ ᠨᠡᠭᠦᠳᠡᠯ ᠤᠨ ᠭᠠᠵᠠᠷ ᠤᠨ ᠬᠠᠲᠤᠨ ᠭᠤᠣᠯ ᠤᠨ ᠴᠢᠭᠢᠭᠯᠢᠭ ᠭᠠᠵᠠᠷ ᠢ ᠲᠣᠭᠤᠷᠢᠨ ᠬᠠᠮᠠᠭᠠᠯᠠᠬᠤ ᠠᠵᠢᠯ ᠢ ᠴᠢᠩᠭᠠᠳᠬᠠᠵᠤ᠂ ᠠᠷᠠᠳ ᠤᠨ | ᠴᠠᠭᠳᠠᠭ᠎ᠠ ᠶᠠᠪᠠᠭᠠᠨ ᠪᠠ ᠲᠡᠷᠭᠡ ᠪᠠᠷ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠶᠢ ᠠᠪᠴᠤ᠂ ᠬᠡᠭᠡᠷ᠎ᠡ ᠶᠢᠨ ᠠᠮᠢᠲᠠᠨ ᠤ ᠠᠮᠢᠳᠤᠷᠠᠯ ᠤᠨ ᠬᠡᠪᠰᠢᠯ ᠤᠨ | ᠣᠨᠴᠠᠯᠢᠭ᠂ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠬᠡᠭᠡᠷ᠎ᠡ ᠶᠢᠨ ᠠᠮᠢᠲᠠᠨ ᠤ ᠲᠥᠪᠯᠡᠷᠡᠨ ᠲᠠᠷᠬᠠᠭᠰᠠᠨ ᠣᠷᠣᠨ ᠳᠤ ᠭᠦᠨᠵᠡᠭᠡᠶᠢᠷᠡᠨ ᠲᠣᠭᠤᠷᠢᠨ ᠬᠠᠮᠠᠭᠠᠯᠠᠬᠤ | ᠠᠵᠢᠯᠯᠠᠭ᠎ᠠ ᠥᠷᠨᠢᠭᠦᠯᠵᠦ᠂ ᠡᠷᠬᠢᠨ ᠲᠣᠭᠤᠷᠢᠨ ᠳᠤ ᠠᠩᠨᠠᠬᠤ ᠲᠥᠬᠦᠭᠡᠷᠦᠮᠵᠢ᠂ ᠬᠤᠤᠷ ᠬᠠᠶᠠᠭᠰᠠᠨ ᠥᠭᠶᠥᠭᠡ ᠪᠠᠶᠢᠬᠤ ᠡᠰᠡᠬᠦ ᠵᠡᠷᠭᠡ ᠶᠢ ᠭᠤᠤᠯᠳᠠᠯᠭ᠎ᠠ ᠲᠠᠢ | ᠲᠣᠭᠤᠷᠢᠨ ᠪᠠᠶᠢᠴᠠᠭᠠᠨ᠎ᠠ᠃ ᠡᠭᠦᠨ ᠤ ᠬᠠᠮᠲᠤ᠂ ᠲᠣᠭᠤᠷᠢᠨ ᠪᠠᠶᠢᠴᠠᠭᠠᠬᠤ ᠠᠷᠠᠳ ᠤᠨ ᠴᠠᠭᠳᠠᠭ᠎ᠠ ᠡᠷᠬᠢᠨ ᠲᠣᠭᠤᠷᠢᠨ ᠤ ᠣᠯᠠᠨ ᠲᠦᠮᠡᠨ ᠳᠤ ᠬᠡᠭᠡᠷ᠎ᠡ ᠶᠢᠨ ᠠᠮᠢᠲᠠᠨ ᠤ | ᠡᠬᠢ ᠪᠠᠶᠠᠯᠢᠭ ᠢ ᠬᠠᠮᠠᠭᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ | ᠲᠠᠶᠢᠯᠪᠤᠷᠢᠯᠠᠵᠤ᠂ ᠣᠯᠠᠨ ᠲᠦᠮᠡᠨ ᠢ ᠵᠣᠷᠢᠭᠵᠢᠭᠤᠯᠤᠨ ᠰᠡᠵᠢᠭᠯᠡᠯᠲᠡᠶ ᠬᠥᠮᠦᠰ ᠤᠨ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠪᠠ ᠢᠯᠡᠷᠡᠭᠦᠯᠬᠦ ᠶᠢ | ᠠᠩᠬᠠᠷᠴᠤ᠂ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠵᠡᠯ ᠤᠬᠠᠮᠰᠠᠷ ᠪᠠ ᠬᠠᠤᠯᠢ ᠴᠠᠭᠠᠵᠠ ᠶᠢᠨ ᠦᠵᠡᠯ ᠤᠬᠠᠮᠰᠠᠷ ᠢ ᠪᠦᠲᠦᠮᠵᠢᠲᠡᠶ ᠪᠠᠷ | ᠴᠢᠩᠭᠠᠳᠬᠠᠨ᠂ ᠬᠥᠮᠦᠨ ᠪᠦᠬᠦᠨ ᠣᠷᠣᠯᠴᠠᠵᠤ᠂ ᠬᠠᠮᠲᠤ ᠪᠠᠷ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ | | | | ᠳᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠤ ᠢᠳᠡᠭᠡᠨ ᠡᠮ ᠤᠨ ᠵᠦᠢᠯ ᠤᠨ | ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ︽ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ︾ ᠪᠠ ︽ᠬᠠᠮᠠᠭᠠᠯᠠᠬᠤ ᠤᠬᠠᠭᠤᠯᠭ᠎ᠠ︾ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠲᠠᠰᠤᠷᠠᠯᠲᠠ ᠦᠭᠡᠶ | ᠴᠢᠩᠭᠠᠷᠠᠭᠤᠯᠵᠤ᠂ ︽ᠪᠤᠭᠤᠲᠤ ᠬᠤᠲᠠ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠤᠨ ᠭᠤᠣᠯᠳᠠᠯᠭ᠎ᠠ︾ ᠳᠤ ᠲᠣᠭᠲᠠᠭᠠᠭᠰᠠᠨ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠲᠤᠷᠠᠨ ᠠᠮᠢᠳᠤ ᠪᠣᠳᠠᠰ ᠤᠨ ᠣᠯᠠᠨ | ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠡᠭᠡᠷ᠎ᠡ ᠶᠢᠨ ᠠᠮᠢᠲᠠᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠡᠭᠡᠷ᠎ᠡ ᠶᠢᠨ ᠠᠮᠢᠲᠠᠨ ᠤ ᠠᠮᠤᠷ ᠲᠦᠪᠰᠢᠨ ᠢ ᠰᠦᠷᠳᠡᠭᠦᠯᠵᠦ | ᠪᠠᠶᠢᠭ᠎ᠠ ᠬᠡᠮ ᠰᠣᠭᠤᠭ ᠢ ᠲᠦᠢᠯᠪᠤᠷᠢᠲᠠᠶ ᠠᠷᠢᠯᠭᠠᠵᠤ᠂ ᠬᠠᠷᠢᠶᠠᠲᠤ ᠣᠷᠣᠨ ᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ | ᠪᠠᠲᠤᠯᠠᠵᠤ᠂ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠥᠮᠦᠨ ᠬᠢᠭᠡᠳ | ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠪᠤᠭᠤᠲᠤ ᠬᠤᠲᠠ ᠶᠢ ᠬᠡᠭᠡᠷ᠎ᠡ ᠶᠢᠨ | ᠠᠮᠢᠲᠠᠨ ᠤ ᠠᠮᠤᠷ ᠲᠦᠪᠰᠢᠨ ᠤ ᠴᠡᠩᠭᠡᠯ ᠤᠨ ᠣᠷᠣᠨ ᠪᠣᠯᠭᠠᠵᠤ᠂ ᠪᠤᠭᠤᠲᠤ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠥᠪᠡᠷ ᠤᠨ ᠬᠤᠪᠢ | ᠨᠡᠮᠡᠷᠢ ᠪᠠᠨ ᠦᠵᠡᠭᠦᠯᠦᠨ᠎ᠡ᠃ | | | |