ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠭᠤᠷᠪᠠᠨ ᠰᠠᠷ᠎ᠠ ᠶᠢᠨ ᠨᠠᠢᠮᠠᠨ︾ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/4/27
     3 ᠳ᠋ᠤᠭᠠᠷ ᠰᠠᠷ᠎ᠠ ᠶᠢᠨ 8 ᠤ ᠡᠳᠦᠷ᠂ 113 ᠳ᠋ᠤᠭᠠᠷ ᠳᠡᠯᠡᠬᠡᠶ ᠶᠢᠨ ︽3·8︾ ᠤ ᠡᠮᠡᠭᠲᠡᠶᠢᠴᠦᠳ ᠤᠨ ᠪᠠᠶᠠᠷ ᠢ ᠬᠠᠯᠠᠭᠤᠨ ᠢᠶᠠᠷ ᠪᠡᠯᠭᠡᠯᠡᠬᠦ᠂ ᠴᠠᠭᠳᠠᠭ᠎ᠠ ᠶᠢᠨ ᠬᠤᠸᠠᠷᠠᠨ ᠤ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠬᠤ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠠᠵᠢᠯ ᠤᠨ ᠠᠭᠤᠷ ᠠᠮᠢᠰᠬᠤᠯ ᠢ ᠪᠤᠶ ᠪᠣᠯᠭᠠᠬᠤ ᠶᠢᠨ ᠲᠦᠯᠦᠭᠡ᠂ ᠪᠠᠶᠠᠠᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠠᠵᠢᠯᠯᠠᠭ᠎ᠠ ᠪᠠᠷ ᠭᠠᠷᠳᠠᠴᠠ ᠪᠣᠯᠭᠠᠵᠤ᠂ ︽3 · 8︾ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠲᠥᠪᠯᠡᠷᠡᠩᠭᠦᠶ ᠪᠦᠯᠬᠦᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠡᠮᠡᠭᠲᠡᠶ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠢ ᠪᠠᠶᠠᠷ ᠪᠠᠶᠠᠰᠬᠤᠯᠠᠩ ᠲᠠᠢ ᠠᠵᠢᠯᠯᠠᠭ᠎ᠠ ᠶᠢᠨ ᠳᠤᠮᠳᠠ ᠴᠤᠭ ᠵᠢᠪᠬᠤᠭ᠎ᠠ ᠶᠢ ᠨᠢ ᠢᠯᠡᠷᠡᠭᠦᠯᠵᠦ᠂ ᠬᠦᠴᠦᠨ ᠴᠢᠳᠠᠯ ᠢ ᠨᠢ ᠨᠢᠭᠲᠠᠷᠠᠭᠤᠯᠪᠠ᠃
A21A0497.JPG  
A21A0650.JPG
     ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠪᠦᠬᠦ ᠡᠮᠡᠭᠲᠡᠢ ᠴᠠᠭᠳᠠᠭ᠎ᠠ ᠨᠠᠷ ᠨᠠᠭᠠᠳᠤᠮ ᠤᠨ ᠲᠠᠯᠠᠪᠠᠢ ᠳᠤ ᠴᠤᠭᠯᠠᠷᠠᠵᠤ᠂ ᠤᠯᠠᠨ ᠢᠶᠠᠷ ᠢᠶᠠᠨ ᠴᠤᠭ ᠵᠢᠪᠬᠤᠭ᠎ᠠ ᠲᠠᠢ᠂ ᠴᠠᠭᠳᠠᠭ᠎ᠠ ᠶᠢᠨ ᠲᠦᠷᠢ ᠲᠥᠷᠬᠦ ᠲᠥᠪ ᠴᠢᠩᠭ᠎ᠠ᠂ ᠵᠢᠯᠤᠭᠤᠳᠤᠭᠴᠢ ᠶᠢᠨ ᠵᠠᠷᠯᠢᠭ ᠪᠠᠭᠤᠯᠭᠠᠬᠤ ᠶᠢ ᠲᠠᠭᠠᠯᠳᠤᠨ᠂ ᠢᠳᠡᠷᠡᠭᠦᠨ ᠠᠯᠬᠤᠬᠤ ᠠᠵᠢᠯᠯᠠᠭ᠎ᠠ ᠬᠠᠮᠤᠭ ᠲᠦᠷᠦᠭᠦᠨ ᠳᠤ ᠡᠬᠢᠯᠡᠵᠡᠢ᠃ ᠬᠡᠳᠦ᠋ᠢᠪᠡᠷ ᠠᠭᠤᠷ ᠠᠮᠢᠰᠬᠤᠯ ᠵᠢᠭᠠᠬᠠᠨ ᠬᠦᠢᠲᠡᠨ ᠪᠣᠯᠪᠠᠴᠤ᠂ ᠣᠯᠠᠨ ᠤ ᠢᠳᠡᠷᠡᠭᠦᠨ ᠠᠯᠬᠤᠭ᠎ᠠ ᠶᠢᠨ ᠳᠣᠭᠳᠣᠯᠤᠭᠰᠠᠨ ᠰᠡᠳᠬᠢᠯᠭᠡ ᠶᠢ ᠥᠴᠦᠬᠡᠨ ᠴᠦ ᠨᠥᠯᠥᠭᠡᠯᠡᠬᠦ ᠦᠭᠡᠶ᠂ ᠣᠯᠠᠨ ᠢᠶᠠᠷ ᠢᠶᠠᠨ ᠴᠤᠭ ᠵᠢᠪᠬᠤᠭ᠎ᠠ ᠪᠠᠨ ᠪᠠᠳᠠᠷᠠᠭᠤᠯᠤᠨ᠂ ᠬᠠᠷᠢᠯᠴᠠᠨ ᠲᠡᠮᠡᠴᠡᠯᠳᠦᠵᠦ᠂ ᠬᠤᠷᠳᠤᠴᠠ ᠪᠠ ᠲᠡᠰᠪᠦᠷᠢ ᠲᠡᠪᠴᠢᠶᠡᠷᠢ ᠪᠠᠷ ᠢᠶᠠᠨ ᠣᠷᠭᠢᠯᠤᠮ᠎ᠠ ᠰᠡᠳᠬᠢᠯᠭᠡ ᠪᠠ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃ ᠡᠭᠦᠨ ᠤ ᠳᠠᠷᠠᠭ᠎ᠠ᠂ ᠰᠢᠨ᠎ᠡ ᠰᠡᠪᠡᠭᠦᠨ᠂ ᠰᠣᠨᠢᠷᠬᠠᠯᠲᠠᠶ ᠭᠤᠤᠯ ᠰᠡᠳᠦᠪᠲᠦ ᠲᠣᠭᠯᠠᠭᠠᠮ ᠤᠨ ᠠᠵᠢᠯᠯᠠᠭ᠎ᠠ ︽ᠰᠠᠬᠤᠯᠢᠭ ᠬᠤᠷᠣᠬᠠᠶ ᠶᠢᠨ ᠬᠤᠷᠳᠤᠴᠠ ᠶᠢᠨ ᠤᠷᠤᠯᠳᠤᠭᠠᠨ︾᠂ ︽ᠣᠴᠤᠶᠢᠯᠲᠠ︾᠂︽ᠮᠤᠰᠬᠢᠯᠳᠤᠬᠤ︾᠂ ︽ᠴᠢᠨᠦ ᠵᠢᠭᠠᠨ ᠲᠣᠬᠢᠯᠲᠠ ᠶᠢ ᠪᠢ ᠲᠠᠭᠠᠮᠠᠭᠯᠠᠬᠤ︾ ᠵᠡᠷᠭᠡ ᠠᠵᠢᠯᠯᠠᠭ᠎ᠠ ᠪᠠᠷ ᠡᠭᠡᠯᠵᠢᠯᠡᠨ ᠤᠷᠤᠯᠳᠤᠭᠠᠨ ᠳᠤ ᠣᠷᠤᠯᠴᠠᠪᠠ᠃ ᠠᠵᠢᠯᠯᠠᠭ᠎ᠠ ᠨᠢᠭᠡᠪᠦᠷᠢ ᠨᠢ ᠬᠠᠮᠲᠤ ᠶᠢᠨ ᠦᠨᠡᠨᠴᠢ ᠬᠠᠶᠢᠷ᠎ᠠ ᠪᠤᠯᠵᠤ᠂ ᠤᠯᠠᠨ ᠢᠶᠠᠷ ᠢᠶᠠᠨ ᠪᠤᠯᠢᠶᠠᠯᠳᠤᠨ ᠲᠡᠮᠡᠴᠡᠵᠦ᠂ ᠬᠠᠷᠢᠯᠴᠠᠨ ᠵᠣᠷᠢᠭᠵᠢᠭᠤᠯᠤᠨ᠂ ᠪᠦᠯᠬᠦᠮ ᠨᠡᠶᠢᠲᠡ ᠶᠢᠨ ᠬᠠᠮᠵᠢᠯᠴᠠᠬᠤ ᠴᠤᠭ ᠵᠢᠪᠬᠤᠭ᠎ᠠ ᠪᠠᠨ ᠭᠦᠢᠴᠡᠳ ᠢᠯᠡᠷᠡᠭᠦᠯᠵᠦ᠂ ᠬᠠᠮᠲᠤ ᠪᠠᠷ ᠪᠠᠶᠠᠷ ᠪᠠᠶᠠᠰᠤᠯ ᠤᠨ ᠳᠤᠮᠳᠠ ᠠᠵᠢᠯ ᠤᠨ ᠳᠠᠷᠤᠭᠠᠰᠤ ᠪᠠᠨ ᠬᠦᠩᠭᠡᠷᠡᠭᠦᠯᠦᠨ᠂ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠥᠪᠡᠷ ᠤᠨ ᠦᠷᠳᠡᠭ ᠤᠨ ᠲᠦᠷᠦᠭᠳᠡᠯ ᠢᠶᠠᠨ ᠳᠡᠭᠡᠭᠰᠢᠯᠡᠭᠦᠯᠦᠨ᠂ ᠨᠥᠬᠦᠷᠯᠡᠯ ᠢᠶᠠᠨ ᠵᠤᠵᠠᠭᠠᠳᠬᠠᠵᠤ᠂ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢᠶᠠᠨ ᠴᠢᠩᠭᠠᠳᠬᠠᠪᠠ᠃   
ᠢᠷᠡᠯᠲᠡ᠄ ᠪᠠᠶᠠᠠᠨᠠᠭᠤᠷ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ