ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠠᠭᠤᠷᠢᠶᠠᠮᠠᠯ ᠴᠠᠭᠳᠠᠭᠠᠨ ᠤ ᠪᠠᠶᠢᠳᠠᠯ ᠤᠨ ᠰᠢᠯᠭᠠᠯᠲᠠ ᠥᠷᠨᠢᠭᠦᠯᠦᠨ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠵᠡᠭᠡᠯᠢ ᠳᠡᠭᠡᠷᠡᠬᠢ ᠴᠠᠭᠳᠠᠭᠠᠨ ᠤ ᠬᠦᠴᠦᠨ ᠤ ᠲᠦᠷᠭᠡᠨ ᠲᠤᠰᠬᠠᠬᠤ ᠴᠢᠳᠠᠪᠤᠷᠢ ᠶᠢ ᠪᠠᠳᠤᠯᠠᠪᠠ
ᠨᠡᠶᠢᠲᠡᠯᠡᠭᠰᠡᠨ ᠴᠠᠭ᠄
2023/4/27
     ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠨᠡᠶᠢᠭᠡᠮ ᠤᠨ ᠠᠮᠤᠷ ᠲᠦᠪᠰᠢᠨ ᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ᠂ ︽856︾ ᠣᠯᠠᠨ ᠲᠥᠷᠥᠯ ᠤᠨ ᠴᠠᠭᠳᠠᠭᠠᠨ ᠤ ᠲᠥᠷᠥᠯ ᠤᠨ ᠪᠠᠶᠢᠩᠭᠤ ᠶᠢᠨ ᠴᠢᠨᠠᠷᠲᠠᠶ ᠬᠠᠮᠲᠤᠷᠠᠭᠰᠠᠨ ᠦᠢᠯᠡᠴᠢᠯᠡᠭᠡᠨ ᠤ ᠲᠣᠭᠤᠷᠢᠨ ᠰᠡᠷᠭᠡᠶᠢᠯᠡᠬᠦ ᠲᠣᠭᠲᠠᠴᠠ ᠪᠠ ︽1᠂ 3᠂ 5 ᠮᠢᠨᠦ᠋ᠲ︾ ᠤᠨ ᠲᠦᠷᠭᠡᠨ ᠲᠤᠰᠬᠠᠬᠤ ᠲᠣᠭᠲᠠᠴᠠ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ︽ᠴᠡᠭ ᠱᠤᠭᠤᠮ︾ ᠢ ᠬᠠᠮᠲᠤ ᠳᠤ ᠨᠢ ᠬᠠᠷᠠᠭᠠᠯᠵᠠᠬᠤ ᠶᠢ ᠪᠠᠲᠤᠯᠠᠵᠤ᠂ ᠴᠠᠭᠳᠠᠭ᠎ᠠ ᠶᠢ ᠬᠦᠯᠢᠶᠡᠨ ᠠᠪᠬᠤ᠂ ᠲᠦᠷᠭᠡᠨ ᠬᠦᠯᠢᠶᠡᠨ ᠠᠪᠬᠤ᠂ ᠲᠦᠷᠭᠡᠨ ᠲᠣᠮᠢᠯᠠᠬᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠲᠣᠰ ᠲᠣᠪᠴᠢᠶ᠎ᠠ ᠶᠢᠨ ︽ᠴᠢᠮᠡᠭᠡ ᠮᠡᠳᠡᠭᠡ᠂ ᠵᠢᠯᠤᠭᠤᠳᠬᠤ᠂ ᠠᠵᠢᠯᠯᠠᠭ᠎ᠠ︾ ᠶᠢ ᠨᠢᠭᠡ ᠴᠤᠭᠴᠠᠵᠢᠭᠤᠯᠤᠭᠰᠠᠨ ᠠᠵᠢᠯᠯᠠᠭᠠᠨ ᠤ ᠲᠣᠭᠲᠠᠴᠠ ᠪᠣᠯᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠭᠤᠤᠯᠳᠠᠯᠭ᠎ᠠ ᠵᠢᠴᠢ ᠲᠣᠭᠤᠷᠢᠨ ᠪᠠᠶᠢᠴᠠᠭᠠᠬᠤ᠂ ᠰᠡᠷᠭᠡᠶᠢᠯᠡᠬᠦ᠂ ᠰᠢᠢᠳᠪᠦᠷᠢᠯᠡᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠤᠷᠢᠳ ᠬᠤᠵᠢᠳ ᠵᠡᠭᠡᠯᠢ ᠳᠡᠭᠡᠷᠡᠬᠢ ᠲᠡᠷᠭᠡ ᠪᠠᠷ ᠴᠠᠭᠳᠠᠬᠤ ᠪᠠ ᠶᠠᠪᠠᠭᠠᠨ ᠴᠠᠭᠳᠠᠭ᠎ᠠ ᠶᠢᠨ ᠬᠦᠴᠦᠨ ᠳᠤ ᠳᠠᠭᠤᠷᠢᠶᠠᠮᠠᠯ ᠴᠠᠭᠳᠠᠭ᠎ᠠ ᠶᠢᠨ ᠪᠠᠶᠢᠳᠠᠯ ᠤᠨ ᠰᠢᠯᠭᠠᠯᠲᠠ ᠬᠢᠵᠦ᠂ ᠤᠯᠠᠭᠠᠨ ᠬᠥᠬᠡ ᠠᠩᠬᠢ ᠶᠢᠨ ᠡᠰᠡᠷᠭᠦᠴᠡᠯᠳᠦᠯ ᠤᠨ ᠪᠣᠯᠪᠠᠰᠤᠷᠠᠯ ᠥᠷᠨᠢᠭᠦᠯᠵᠦ᠂ ᠲᠦᠷᠭᠡᠨ ᠲᠤᠰᠬᠠᠬᠤ ᠪᠠ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃
 原图 (2).jpg
    ᠨᠢᠭᠡ᠂ ᠤᠷᠢᠳᠠᠪᠠᠷ ᠪᠠᠶᠢᠭᠤᠯᠤᠮᠵᠢ ᠶᠢ ᠲᠣᠭᠲᠠᠭᠠᠵᠤ᠂ ᠵᠣᠬᠢᠶᠠᠨ ᠪᠠᠶᠢᠭᠤᠯᠤᠯᠲᠠ ᠶᠢᠨ ᠠᠬᠢᠭᠤᠯᠤᠯᠲᠠ ᠶᠢ ᠴᠢᠩᠭᠠᠳᠬᠠᠪᠠ᠃    ᠬᠤᠶᠠᠷ᠂ ᠬᠤᠶᠢᠨ᠎ᠠ ᠨᠢ ᠪᠡᠯᠡᠳᠬᠡᠯ ᠲᠥᠰᠦᠯ ᠲᠣᠭᠲᠠᠭᠠᠵᠤ᠂ ᠰᠣᠷᠢᠯᠲᠠ ᠶᠢᠨ ᠪᠣᠯᠪᠠᠰᠤᠷᠠᠯ ᠢ ᠥᠷᠨᠢᠭᠦᠯᠪᠡ᠃    ᠭᠤᠷᠪᠠ᠂ ᠲᠠᠬᠢᠨ ᠱᠠᠭᠠᠷᠳᠠᠯᠭ᠎ᠠ ᠲᠣᠭᠲᠠᠭᠠᠵᠤ᠂ ᠬᠡᠪ ᠴᠢᠨᠠᠷ ᠢ ᠴᠢᠩᠭᠠᠳᠬᠠᠨ ᠲᠦᠷᠢ ᠲᠥᠷᠬᠦ ᠶᠢ ᠪᠤᠢ ᠪᠣᠯᠭᠠᠪᠠ᠃
原图 (6).jpg
    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠭᠤᠷᠢᠶᠠᠮᠠᠯ ᠴᠠᠭᠳᠠᠭᠠᠨ ᠤ ᠪᠠᠶᠢᠳᠠᠯ ᠢ ᠰᠢᠯᠭᠠᠨ ᠪᠠᠶᠢᠴᠠᠭᠠᠬᠤ ᠪᠠ ᠤᠯᠠᠭᠠᠨ ᠬᠥᠬᠡ ᠠᠩᠬᠢ ᠶᠢᠨ ᠡᠰᠡᠷᠭᠦᠴᠡᠯᠳᠦᠯ ᠤᠨ ᠪᠣᠯᠪᠠᠰᠤᠷᠠᠯ ᠤᠨ ᠲᠣᠭᠲᠠᠴᠠ ᠶᠢ ᠡᠬᠢᠯᠡᠨ ᠬᠡᠷᠡᠭᠵᠢᠭᠦᠯᠵᠦ᠂ ᠬᠠᠷᠢᠶᠠᠲᠤ ᠣᠷᠣᠨ ᠤ ᠲᠤᠭᠤᠷᠢᠨ ᠴᠠᠭᠳᠠᠬᠤ ᠪᠠ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ︽1᠂ 3᠂ 5 ᠮᠢᠨᠦ᠋ᠲ︾ ᠤᠨ ᠲᠦᠷᠭᠡᠨ ᠲᠤᠰᠬᠠᠬᠤ ᠪᠠ ︽360 ᠰᠧᠺᠦ᠋ᠨ᠋ᠳ᠋︾ ᠲᠣᠳᠤᠷ᠎ᠠ ᠴᠠᠭᠳᠠᠭ᠎ᠠ ᠲᠣᠮᠢᠯᠠᠨ ᠥᠨᠳᠥᠷ ᠪᠦᠲᠦᠮᠵᠢᠲᠡᠶ ᠪᠠᠷ ᠠᠵᠢᠯᠯᠠᠬᠤ᠂ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠪᠦᠬᠦ ᠶᠠᠪᠤᠴᠠ ᠶᠢᠨ ᠬᠠᠤᠯᠢ ᠶᠣᠰᠣᠨ ᠤ ᠴᠢᠨᠠᠷ᠂ ᠠᠮᠤᠷ ᠲᠦᠪᠰᠢᠨ ᠤ ᠴᠢᠨᠠᠷ ᠢ ᠰᠢᠯᠭᠠᠨ ᠪᠠᠶᠢᠴᠠᠭᠠᠪᠠ᠃ ᠠᠯᠪᠠᠨ ᠠᠵᠢᠯ ᠤᠨ ᠥᠨᠳᠥᠷ ᠪᠦᠲᠦᠮᠵᠢᠲᠡᠶ ᠠᠵᠢᠯᠯᠠᠭᠠᠨ ᠢ ᠤᠯᠠᠮ ᠨᠢᠭᠡ ᠠᠯᠬᠤᠮ ᠴᠢᠩᠭᠠᠳᠬᠠᠵᠤ᠂ ᠴᠠᠭᠳᠠᠭᠠᠨ ᠤ ᠬᠦᠴᠦᠨ ᠬᠡᠷᠡᠭ ᠤᠨ ᠪᠠᠶᠢᠳᠠᠯ ᠢ ᠳᠠᠭᠠᠬᠤ ᠪᠠ ᠠᠯᠪᠠᠨ ᠠᠵᠢᠯ ᠪᠠᠶᠢᠳᠠᠯ ᠤᠨ ᠬᠤᠪᠢᠷᠠᠯᠲᠠ ᠶᠢ ᠳᠠᠭᠠᠯᠳᠤᠨ᠂ ᠬᠡᠷᠡᠭ ᠤᠨ ᠪᠠᠶᠢᠳᠠᠯ ᠢ ᠲᠦᠷᠭᠡᠨ ᠰᠢᠢᠳᠪᠦᠷᠢᠯᠡᠵᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠦᠲᠦᠮᠵᠢᠲᠡᠶ ᠠᠬᠢᠭᠤᠯᠪᠠ᠃    
ᠢᠷᠡᠯᠲᠡ᠄ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ