3 ᠰᠠᠷ᠎ᠠ ᠶᠢᠨ 14 ᠤ ᠡᠳᠦᠷ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠬᠤᠷ | ᠹᠢᠯᠢᠮ ᠤᠨ ᠲᠠᠪᠴᠠᠩ ᠳᠤ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ ᠤᠯᠪᠠ᠂ 3 ᠰᠠᠷ᠎ᠠ ᠶᠢᠨ 12 ᠤ ᠡᠳᠦᠷ ᠤᠨ 14 ᠴᠠᠭ 38 ᠮᠢᠨᠦ᠋ᠲ ᠤᠨ | ᠦᠶ᠎ᠡ ᠪᠠᠷ ᠨᠢᠭᠡᠨ ︽蒙 H2K × ×︾ ᠵᠢᠵᠢᠭ ᠬᠡᠯᠪᠡᠷᠢ ᠶᠢᠨ ᠮᠠᠰᠢᠨ ᠲᠡᠷᠭᠡ ᠪᠠᠯᠠᠭᠠᠷᠭᠤᠣᠯ ᠪᠠᠯᠭᠠᠰᠤᠨ ᠤ ᠴᠠᠶᠢᠳᠠᠮ ᠵᠠᠮ ᠤᠨ ᠡᠮᠦᠨ᠎ᠡ ᠠᠴᠠ ᠤᠮᠠᠷᠠᠰᠢ | ᠠᠶᠠᠯᠠᠬᠤ ᠳᠤ ᠪᠠᠨ ᠪᠣᠳᠠᠳᠤ ᠱᠤᠭᠤᠮ ᠢ ᠤᠨᠤᠵᠤ ᠡᠰᠡᠷᠭᠦ ᠴᠢᠭᠯᠡᠯ ᠢᠶᠠᠷ ᠲᠡᠷᠭᠡ ᠳᠠᠪᠠᠭᠰᠠᠨ ᠪᠥᠭᠡᠳ ᠲᠡᠷᠭᠡᠨ ᠤ ᠲᠡᠮᠳᠡᠭᠯᠡᠭᠦᠷ ᠢᠶᠠᠷ ᠰᠢᠩᠭᠡᠭᠡᠭᠰᠡᠨ ᠭᠡᠷᠡᠴᠢ | ᠪᠠᠷᠢᠮᠲᠠ ᠶᠢ ᠬᠠᠩᠭᠠᠭᠰᠠᠨ ᠪᠠᠶᠢᠨ᠎ᠠ᠃ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠡᠷᠡ ᠳᠠᠷᠤᠶ ᠳᠤ ᠨᠢ ᠪᠠᠶᠢᠴᠠᠭᠠᠯᠲᠠ ᠬᠢᠪᠡ᠃ ᠲᠡᠷᠭᠡᠨ ᠤ ᠲᠮᠲᠡᠭᠯᠡᠭᠦᠷ ᠢ ᠪᠠᠶᠢᠴᠠᠭᠠᠨ | ᠦᠵᠡᠬᠦ ᠪᠠᠷ ᠳᠠᠮᠵᠢᠨ ᠲᠤᠬᠠᠶ ᠶᠢᠨ ᠬᠥᠮᠦᠨ ᠤ ᠬᠤᠯᠪᠣᠭᠳᠠᠯ ᠪᠦᠬᠦᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠣᠭᠲᠠᠭᠠᠬᠤ ᠶᠢᠨ ᠬᠠᠮᠲᠤ ᠲᠤᠬᠠᠶ ᠶᠢᠨ | ᠬᠥᠮᠦᠨ ᠳᠤ ᠮᠡᠳᠡᠭᠳᠡᠵᠦ ᠶᠡᠭᠡ ᠠᠩᠭᠢ ᠳᠤ ᠳᠠᠭᠤᠳᠠᠨ ᠪᠠᠢᠴᠠᠭᠠᠪᠠ᠃ | | | | ᠲᠤᠬᠠᠶ ᠶᠢᠨ ᠡᠳᠦᠷ ᠤᠨ ᠦᠳᠡ ᠶᠢᠨ ᠬᠤᠶᠢᠨ᠎ᠠ ᠡᠰᠡᠷᠭᠦ ᠴᠢᠭᠯᠡᠯ ᠢᠶᠠᠷ ᠶᠠᠪᠤᠭᠰᠠᠨ ᠮᠠᠰᠢᠨ ᠲᠡᠷᠭᠡᠨ ᠤ ᠵᠢᠯᠣᠭᠤᠴᠢ ᠰᠥᠩ ᠣᠪᠣᠭᠲᠤ ᠪᠠᠷᠠᠭᠤᠨ ᠦᠵᠦᠮᠦᠴᠢᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠤ ᠬᠦᠷᠴᠦ ᠪᠠᠶᠢᠴᠠᠭᠠᠯᠲᠠ ᠶᠢ ᠬᠦᠯᠢᠶᠡᠪᠡ᠂ | ᠲᠡᠭᠦᠨ ᠤ ᠡᠰᠡᠷᠭᠦ ᠴᠢᠭᠯᠡᠯ ᠢᠶᠠᠷ ᠲᠡᠷᠭᠡ ᠳᠠᠪᠠᠵᠤ ᠭᠠᠷᠤᠭᠰᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠠᠨ ᠥᠴᠢᠭᠯᠡᠨ ᠮᠡᠳᠡᠷᠡᠪᠡ᠃ ᠠᠷᠠᠳ ᠤᠨ ᠴᠠᠭᠳᠠᠭ᠎ᠠ | ᠰᠢᠯᠲᠠᠭᠠᠨ ᠢ ᠨᠢ ᠠᠰᠠᠭᠤᠬᠤ ᠦᠶ᠎ᠡ ᠳᠤ ᠰᠥᠩ ᠣᠪᠣᠭᠲᠤ ᠥᠪᠡᠷ ᠢ ᠪᠠᠨ ᠭᠤᠷᠢᠳᠠᠬᠤ ᠪᠤᠳᠤᠯ ᠲᠠᠢ ᠠᠴᠠ ᠬᠠᠤᠯᠢ ᠶᠢ ᠵᠦᠷᠢᠴᠡᠨ ᠲᠡᠷᠭᠡ ᠶᠢ ᠳᠠᠪᠠᠭᠰᠠᠨ ᠪᠠᠶᠢᠨ᠎ᠠ | ᠭᠡᠵᠦ ᠢᠯᠡᠷᠬᠡᠶᠢᠯᠡᠪᠡ᠃ | ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ | ᠴᠠᠭᠳᠠᠭ᠎ᠠ ᠲᠡᠭᠦᠨ ᠤ ᠡᠰᠡᠷᠭᠦ ᠴᠢᠭᠯᠡᠯ ᠢᠶᠠᠷ ᠠᠶᠠᠯᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠰᠢᠭᠦᠮᠵᠢᠯᠡᠯ ᠪᠠ ᠠᠮᠤᠷ ᠲᠦᠪᠰᠢᠨ ᠤ ᠬᠥᠮᠦᠵᠢᠯ | ᠬᠢᠭᠰᠡᠨ ᠪᠥᠭᠡᠳ ᠬᠠᠤᠯᠢ ᠶᠣᠰᠣᠭᠠᠷ ᠲᠡᠭᠦᠨ ᠳᠤ 200 ᠲᠥᠭᠦᠷᠢᠭ ᠲᠣᠷᠭᠠᠬᠤ ᠂ ᠵᠢᠯᠣᠭᠤᠴᠢ ᠶᠢᠨ ᠦᠨᠡᠮᠯᠡᠯ ᠢ 3 ᠬᠤᠪᠢ ᠬᠠᠰᠤᠬᠤ ᠵᠠᠰᠠᠬ ᠵᠠᠬᠢᠷᠭᠠᠨ ᠤ | ᠰᠢᠢᠳᠭᠡᠯ ᠥᠭᠪᠡ᠃ |