ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2023 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠵᠢᠴᠢ ︽ᠨᠠᠮ ᠤᠨ ᠪᠠᠢᠭᠤᠯᠤᠯᠲᠠ ᠶᠢ ᠠᠳᠬᠤᠬᠤ᠂ ᠰᠤᠷᠲᠠᠯ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠦᠷᠢᠬᠦ ᠶᠢ ᠪᠣᠢ ᠪᠣᠯᠭᠠᠬᠤ︾ ᠲᠤᠰᠬᠠᠢ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/7
    3 ᠰᠠᠷ᠎ᠠ ᠶᠢᠨ 11 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2023 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠵᠢᠴᠢ ︽ᠨᠠᠮ ᠤᠨ ᠪᠠᠢᠭᠤᠯᠤᠯᠲᠠ ᠶᠢ ᠠᠳᠬᠤᠬᠤ᠂ ᠰᠤᠷᠲᠠᠯ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠦᠷᠢᠬᠦ ᠶᠢ ᠪᠣᠢ ᠪᠣᠯᠭᠠᠬᠤ︾ ᠲᠤᠰᠬᠠᠢ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠮᠠ ᠮᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ ᠨᠠᠷᠠᠨᠵᠢᠷᠤᠭ ᠬᠤᠷᠠᠯ ᠡᠷᠬᠢᠯᠡᠵᠦ᠂ ᠨᠠᠮ ᠤᠨ ᠬᠤᠷᠢᠶᠠᠨ ᠤ ᠭᠡᠰᠢᠭᠦᠨ ᠵᠢᠴᠢ ᠡᠯ᠎ᠡ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯᠲᠠᠨ ᠤ ᠬᠥᠬᠢᠭᠦᠯᠦᠯ ᠭᠥᠷᠳᠡᠭᠰᠡᠨ ᠲᠡᠷᠢᠭᠦᠨ ᠤ ᠬᠠᠮᠲᠤ ᠣᠯᠠᠨ᠂ ᠬᠤᠪᠢ ᠬᠥᠮᠦᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃
微信图片_20230311152641.jpg
    ᠬᠤᠷᠠᠯ ᠠᠴᠠ ᠡᠮᠦᠨ᠎ᠡ ᠬᠤᠷᠠᠯ ᠳᠤ ᠣᠷᠣᠯᠴᠠᠭᠰᠠᠳ ᠪᠦᠭᠦᠳᠡᠭᠡᠷ ᠢᠶᠠᠨ ᠪᠣᠰᠴᠤ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃    ᠬᠤᠷᠠᠯ ᠨᠢ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ  ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠥᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃
ba44673d74473a0be85f630c6106131.jpg
    ᠬᠤᠷᠠᠯ ᠳᠡᠭᠡᠷ᠎ᠡ᠂ ᠲᠣᠪᠴᠢᠶᠠᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠠᠷ ᠬᠤᠪᠢᠳᠠᠨ ᠬᠠᠮᠢᠶᠠᠷᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠲᠡᠷᠢᠭᠦᠨ ᠤ ᠬᠠᠮᠲᠤ ᠪᠠ ᠬᠤᠪᠢ ᠬᠥᠮᠦᠨ ᠢ ᠬᠥᠬᠢᠭᠦᠯᠦᠨ ᠱᠠᠩᠨᠠᠪᠠ᠃ ᠮᠠ ᠮᠢᠩ ᠨᠦᠬᠦᠷ ᠠᠴᠠ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 2022 ᠣᠨ ᠤ ᠡᠯ᠎ᠡ ᠲᠥᠷᠥᠯ ᠤᠨ ᠠᠵᠢᠯ ᠳᠤ ᠳ᠋ᠦᠩᠨᠡᠯᠲᠡ ᠬᠢᠵᠦ᠂ ᠣᠳᠣᠬᠠᠨ ᠤ ᠳᠣᠲᠣᠭᠠᠳᠤ ᠶᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠳᠤᠲᠠᠭᠳᠠᠯ ᠢ ᠭᠦᠨᠵᠡᠭᠡᠢ ᠵᠠᠳᠠᠯᠤᠨ᠂ 2023 ᠣᠨ  ᠤ ᠡᠯ᠎ᠡ  ᠲᠥᠷᠥᠯ  ᠤᠨ  ᠭᠤᠣᠯᠳᠠᠯᠭ᠎ᠠ  ᠲᠠᠢ ᠠᠵᠢᠯ ᠪᠠ︽ᠨᠠᠮ ᠤᠨ ᠪᠠᠢᠭᠤᠯᠤᠯᠲᠠ ᠶᠢ ᠠᠳᠬᠤᠬᠤ᠂ ᠰᠤᠷᠲᠠᠯ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠦᠷᠢᠬᠦ ᠶᠢ ᠪᠣᠢ ᠪᠣᠯᠭᠠᠬᠤ︾ ᠲᠤᠰᠬᠠᠢ ᠲᠥᠷᠥᠯ ᠤᠨ ᠠᠵᠢᠯᠯᠠᠭ᠎ᠠ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ᠂ 2023 ᠣᠨ ᠪᠣᠯ ᠨᠠᠮ ᠪᠠ ᠲᠥᠷᠥ ᠶᠢᠨ ᠡᠯ᠎ᠡ ᠵᠦᠢᠯ ᠤᠨ ᠠᠵᠢᠯ ᠦᠢᠯᠡᠰ ᠰᠢᠨ᠎ᠡ ᠠᠶᠠᠨ ᠳᠤ ᠪᠠᠨ ᠮᠣᠷᠳᠠᠬᠤ ᠡᠬᠢᠯᠡᠯᠲᠡ ᠶᠢᠨ ᠵᠢᠯ ᠮᠥᠨ᠂ ᠪᠦᠬᠦ ᠲᠣᠪᠴᠢᠶ᠎ᠠ ᠶᠢᠨ ᠬᠢᠨ ᠰᠢᠨ᠎ᠡ ᠪᠠᠶᠢᠳᠠᠯ ᠤᠨ ᠳᠣᠲᠣᠭᠠᠳᠤ ᠶᠢ ᠬᠠᠮᠠᠭᠠᠯᠠᠬᠤ ᠠᠵᠢᠯ ᠳᠤ ᠠᠪᠴᠢᠷᠠᠭᠰᠠᠨ ᠣᠯᠠᠨ ᠵᠦᠢᠯ ᠤᠨ ᠥᠷᠢᠰᠦᠯᠳᠦᠭᠡᠨ ᠪᠠ ᠰᠢᠯᠭᠠᠯᠲᠠ ᠶᠢ ᠰᠡᠷᠭᠡᠭ ᠢᠶᠠᠷ ᠲᠠᠨᠢᠵᠤ᠂ ︽ᠶᠡᠭᠡ ᠥᠷᠢᠰᠦᠯᠳᠦᠭᠡᠨ᠂ ᠶᠡᠭᠡ ᠰᠢᠯᠭᠠᠯᠲᠠ︾ ᠶᠢᠨ ᠡᠭᠦᠷᠭᠡ ᠶᠢ ᠲᠣᠳᠣᠷᠬᠠᠢ ᠲᠠᠨᠢᠵᠤ᠂ ᠴᠠᠭ ᠢᠮᠠᠭᠲᠠ ︽ᠰᠢᠯᠭᠠᠯᠲᠠ︾ ᠬᠢᠬᠦ ᠪᠣᠳᠣᠯ ᠢ ᠪᠠᠷᠢᠮᠲᠠᠯᠠᠨ᠂ ᠪᠦᠬᠦ ᠵᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠢᠲᠤᠷ ᠬᠢᠵᠦ᠂ ᠨᠠᠮ ᠪᠠ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠪᠥᠬᠦ ᠲᠣᠪᠴᠢᠶ᠎ᠠ ᠶᠢᠨ ᠬᠢᠨ ᠰᠢ ᠶᠢᠨ ᠫᠢᠩ ᠨᠦᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠨᠠᠩ ᠥᠨᠳᠥᠷ ᠵᠣᠭᠰᠣᠯᠲᠠ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠴᠢᠩᠭ᠎ᠠ ᠰᠤᠷᠲᠠᠯ ᠢᠶᠠᠷ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠢᠯᠢᠳᠡᠭ ᠬᠢᠷᠢ ᠪᠦᠲᠦᠮᠵᠢ ᠪᠠᠷ ᠰᠠᠶᠢᠲᠤᠷ ᠪᠡᠶᠡᠯᠡᠭᠦᠯᠵᠦ᠂ ᠪᠠᠷᠠᠭᠤᠨ ᠦᠵᠦᠮᠦᠴᠢᠨ ᠤ ᠳᠣᠲᠣᠭᠠᠳᠤ ᠶᠢ ᠬᠠᠮᠠᠭᠠᠯᠠᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠬᠡᠷᠡᠭᠲᠡᠶ᠃ ᠨᠠᠮ ᠤᠨ ᠤᠯᠤᠰ ᠲᠦᠷᠦ ᠶᠢᠨ ᠰᠢᠨᠵᠢ ᠴᠢᠨᠠᠷ ᠢ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠪᠠᠶᠢᠬᠤ ᠬᠥᠮᠦᠵᠢᠯ ᠢ ᠥᠷᠨᠢᠭᠦᠯᠵᠦ ᠠᠷᠠᠳ ᠢᠶᠠᠷ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠦᠵᠡᠯ ᠰᠠᠨᠠᠭᠠᠨ ᠤ ᠶᠡᠷᠦᠩᠬᠡᠢ ᠨᠡᠭᠡᠯᠡᠬᠡᠢ ᠶᠢ ᠴᠢᠩᠭ᠎ᠠ ᠠᠳᠬᠤᠵᠤ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠵᠤ᠂ ︽ᠦᠨᠳᠦᠰᠦ︾ ᠪᠠ ︽ᠠᠮᠢᠨ ᠰᠦᠨᠡᠰᠦ︾ ᠶᠢ ᠨᠡᠩ ᠪᠠᠲᠤ ᠪᠠᠬᠢ ᠪᠠᠶᠢᠷᠢᠯᠠᠭᠤᠯᠵᠤ᠂ ᠡᠩᠨᠡᠭᠡ ᠶᠢᠨ ᠲᠦᠢᠯ ᠤᠨ ᠦᠨᠡᠨᠴᠢ ᠰᠢᠳᠤᠷᠭᠤ᠂ ᠲᠦᠢᠯ ᠤᠨ ᠠᠷᠢᠭᠤᠨ ᠴᠡᠪᠡᠷ᠂ ᠲᠤᠶᠢᠯ ᠤᠨ ᠨᠠᠢᠳᠠᠪᠤᠷᠢᠲᠠᠢ ᠪᠠᠶᠢᠬᠤ ᠶᠢ ᠪᠠᠲᠤᠯᠠᠨ᠎ᠠ᠃    ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠭᠦᠷᠭᠡ  ᠲᠤᠰᠢᠶᠠᠯ ᠢᠶᠠᠨ ᠭᠦᠢᠴᠡᠳᠬᠡᠬᠦ ᠬᠡᠷᠡᠭᠲᠡᠢ᠃ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ ᠨᠠᠶᠢᠳᠠᠪᠤᠷᠢᠵᠢᠭᠤᠯᠬᠤ ᠶᠢ ᠠᠳᠬᠤᠬᠤ ᠦᠭᠡᠢ ᠪᠣᠯ ᠬᠠᠷᠢᠭᠤᠴᠠᠯᠭ᠎ᠠ ᠠᠯᠳᠠᠵᠤ᠂ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠦᠭᠡᠢ ᠪᠣᠯ ᠲᠤᠰᠢᠶᠠᠯ ᠳᠤ ᠪᠠᠨ ᠦᠯᠦ ᠲᠡᠩᠴᠡᠬᠦ︾ ᠣᠢᠢᠯᠠᠭᠠᠭᠳᠠᠬᠤᠨ ᠢ ᠪᠠᠲᠤ ᠪᠣᠢ ᠪᠣᠯᠭᠠᠵᠤ᠂ ᠨᠠᠮ ᠤᠨ ᠬᠤᠷᠢᠶᠠᠨ ᠤ ᠲᠤᠰᠢᠶᠠᠭᠰᠠᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠨᠡᠩ ᠣᠯᠠᠨ ᠴᠠᠭ ᠬᠤᠭᠤᠴᠠᠭ᠎ᠠ ᠪᠣᠯᠤᠨ ᠣᠶᠤᠨ ᠴᠢᠳᠠᠯ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠲᠠᠯᠪᠢᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠲᠥᠷᠥᠯ ᠤᠨ ᠠᠵᠢᠯ ᠢ ᠦᠨᠡᠨ ᠬᠦ ᠰᠠᠢᠲᠤᠷ ᠠᠳᠬᠤᠵᠤ᠂ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠬᠥᠭᠵᠢᠯᠲᠡ ᠳᠤ ᠳᠣᠲᠣᠭᠠᠳᠤ ᠶᠢ ᠬᠠᠮᠠᠭᠠᠯᠠᠬᠤ ᠬᠦᠴᠦᠨ ᠨᠡᠩ ᠠᠯᠠᠨ ᠨᠡᠮᠡᠷᠢᠯᠡᠬᠦ ᠬᠡᠷᠡᠭᠲᠡᠢ᠃    ᠭᠤᠷᠪᠠ ᠳᠤ᠂ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ ᠰᠢᠯᠭᠠᠷᠠᠭᠰᠠᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠨᠠᠮ ᠢ ᠴᠢᠩᠭ᠎ᠠ ᠬᠠᠮᠢᠶᠠᠷᠤᠨ᠂ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ︽ ᠨᠠᠮ ᠤᠨ ᠪᠠᠢᠭᠤᠯᠤᠯᠲᠠ ᠶᠢ ᠠᠳᠬᠤᠬᠤ᠂ ᠰᠤᠷᠲᠠᠯ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠦᠷᠢᠬᠦ ᠶᠢ ᠪᠣᠢ ᠪᠣᠯᠭᠠᠬᠤ︾ ᠲᠤᠰᠬᠠᠢ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠳᠤᠲᠠᠭᠳᠠᠯ ᠢᠶᠠᠨ ᠨᠥᠬᠦᠪᠥᠷᠢᠯᠡᠨ᠂ ᠪᠠᠭᠤᠷᠠᠢ ᠲᠠᠯ᠎ᠠ ᠪᠠᠨ ᠴᠢᠩᠭᠠᠳᠬᠠᠵᠤ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ᠂ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠨ᠂ ᠡᠩᠨᠡᠭᠡᠨ ᠤ ᠶᠡᠷᠦᠩᠬᠡᠢᠯᠡᠭᠰᠡᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢᠨ ᠳᠤᠮᠳᠠ ᠠᠴᠠ ᠪᠠᠶᠢᠯᠳᠤᠬᠤ ᠳᠡᠶᠢᠯᠬᠦ ᠪᠠ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠣᠪᠴᠢᠶᠠᠨ ᠤ ᠨᠠᠮ ᠤᠨ ᠬᠤᠷᠢᠶ᠎ᠠ ᠶᠢᠨ ᠴᠠᠭᠳᠠᠭ᠎ᠠ ᠶᠢ ᠬᠠᠢᠷᠠᠯᠠᠬᠤ ᠬᠠᠷᠠᠭᠠᠯᠵᠠᠬᠤ ᠠᠷᠭ᠎ᠠ ᠬᠡᠮᠵᠢᠶ᠎ᠡ ᠶᠢ ᠢᠳᠡᠪᠬᠢᠲᠡᠢ ᠨᠠᠢᠳᠠᠪᠤᠷᠢᠵᠢᠭᠤᠯᠤᠨ᠂ ᠠᠷᠠᠳ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠢᠵᠢᠯᠢᠰᠢᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠦᠷᠭᠦᠯᠵᠢᠯᠡᠨ ᠨᠡᠮᠡᠭᠳᠡᠭᠦᠯᠵᠦ᠂ ᠴᠠᠭᠳᠠᠭ᠎ᠠ ᠶᠢᠨ ᠰᠡᠳᠬᠢᠯ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠴᠠᠭᠳᠠᠭᠠᠨ ᠤ ᠴᠤᠭ ᠰᠦᠯᠳᠡ ᠪᠠ ᠣᠮᠤᠭ ᠵᠣᠷᠢᠭ ᠢ ᠨᠢ ᠬᠥᠭᠵᠢᠭᠡᠬᠦ ᠬᠡᠷᠡᠭᠲᠡᠢ᠃    ᠬᠤᠷᠠᠯ ᠨᠢ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠳᠠᠭᠤᠤ︾ ᠶᠢᠨ ᠳᠤᠮᠳᠠ ᠲᠡᠭᠦᠰ ᠠᠮᠵᠢᠯᠲᠠ ᠲᠠᠢ ᠥᠨᠳᠥᠷᠯᠡᠪᠡ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ