ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠰᠢᠷᠬᠠᠲᠤᠭᠰᠠᠨ ᠵᠢᠭᠠᠯ ᠬᠡᠦᠬᠡᠳ ᠢ ᠳᠠᠷᠤᠢ ᠲᠦᠷᠭᠡᠨ ᠡᠮᠨᠡᠯᠭᠡ ᠳᠤ ᠬᠦᠷᠭᠡᠵᠦ ᠡᠮᠨᠡᠭᠦᠯᠪᠡ
ᠨᠡᠶᠢᠲᠡᠯᠡᠭᠰᠡᠨ ᠴᠠᠭ᠄
2023/4/7
      3 ᠰᠠᠷ᠎ᠠ ᠶᠢᠨ 27 ᠤ ᠡᠳᠦᠷ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠢᠮᠡᠭᠡ ᠮᠡᠳᠡᠭᠡ ᠵᠢᠯᠣᠭᠤᠳᠬᠤ ᠲᠥᠪ ᠸᠠᠩ ᠣᠪᠣᠭᠲᠤ ᠶᠢᠨ ᠬᠡᠤᠬᠡᠳ ᠨᠢ ᠠᠰᠠᠷ ᠤᠨ ᠱᠠᠲᠤᠨ ᠠᠴᠠ ᠣᠶᠢᠴᠢᠭᠠᠳ ᠰᠢᠷᠬᠠᠲᠤᠵᠤ᠂ ᠣᠳᠣᠬᠠᠨ ᠳᠤ ᠥᠪᠡᠷ ᠲᠤ ᠪᠠᠨ ᠭᠠᠳᠠᠨ᠎ᠠ ᠭᠠᠵᠠᠷ ᠲᠤ ᠪᠠᠶᠢᠬᠤ ᠲᠤᠯᠠ ᠴᠠᠭᠳᠠᠭ᠎ᠠ ᠠᠴᠠ ᠲᠤᠰᠠᠯᠠᠮᠵᠢ ᠭᠤᠶᠤᠭᠰᠠᠨ ᠲᠦᠭᠰᠢᠭᠦᠷᠢ ᠶᠢᠨ ᠮᠡᠳᠡᠭᠦᠯᠦᠯᠲᠡ ᠶᠢ ᠲᠤᠰᠪᠠ᠃ ᠴᠢᠮᠡᠭᠡ ᠮᠡᠳᠡᠭᠡ ᠵᠢᠯᠣᠭᠤᠳᠬᠤ ᠲᠥᠪ ᠠᠴᠠ ᠦᠳᠲᠡᠷ ᠲᠦᠷᠭᠡᠨ ᠢᠶᠠᠷ ᠹᠦ᠋ ᠴᠢᠶᠠᠩ ᠵᠠᠮ ᠤᠨ ᠵᠡᠭᠡᠯᠢ ᠭᠤᠳᠤᠮᠵᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢ ᠲᠣᠮᠢᠯᠠᠪᠠ᠃
1抓党建 整作风 强素质 树形象——孩子不慎摔伤 民警暖心救助.png
     ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ ᠣᠶᠢᠯᠠᠭᠠᠭᠰᠠᠨ ᠢᠶᠠᠷ᠂ ᠸᠠᠩ ᠣᠪᠣᠭᠲᠤ ᠶᠢᠨ ᠬᠡᠤᠬᠡᠳ ᠨᠢ ᠬᠢᠴᠢᠶᠡᠮᠵᠢ ᠥᠬᠡᠶ ᠪᠠᠷ ᠰᠠᠭᠤᠭᠠᠯᠢ ᠠᠷᠠᠳ ᠤᠨ ᠠᠰᠠᠷ ᠤᠨ ᠬᠤᠶᠠᠳᠤᠭᠠᠷ ᠳᠠᠪᠬᠤᠷᠯᠢᠭ ᠤᠨ ᠱᠠᠲᠤᠨ ᠠᠴᠠ ᠣᠶᠢᠴᠢᠵᠤ᠂ ᠨᠢᠷᠤᠭᠤ ᠨᠢ ᠰᠢᠷᠬᠠᠲᠤᠵᠠᠶ᠂ ᠬᠢᠨᠠᠨ ᠬᠠᠮᠠᠭᠠᠯᠠᠭᠴᠢ ᠨᠢ ᠴᠥᠮ ᠳᠡᠷᠭᠡᠳᠡ ᠨᠢ ᠪᠠᠶᠢᠬᠤ ᠥᠬᠡᠶ ᠤᠴᠢᠷ ᠠᠴᠠ ᠰᠠᠶ᠋ᠢ ᠲᠦᠭᠰᠢᠭᠦᠷᠢ ᠮᠡᠳᠡᠭᠦᠯᠵᠦ ᠴᠠᠭᠳᠠᠭ᠎ᠠ ᠠᠴᠠ ᠬᠠᠪᠰᠤᠷᠤᠯᠭ᠎ᠠ ᠭᠤᠶᠤᠭᠰᠠᠨ ᠪᠠᠶᠢᠨ᠎ᠠ᠃ ᠸᠠᠩ ᠣᠪᠣᠭᠲᠤ ᠭᠠᠳᠠᠷ ᠣᠷᠣᠨ ᠠᠴᠠ ᠡᠮᠨᠡᠯᠭᠡ ᠳᠤ ᠬᠦᠷᠦᠭᠡᠳ ︽ᠵᠠᠩᠭᠢᠯᠠᠭ᠎ᠠ ᠶᠢᠨ ᠦᠶ᠎ᠡ ᠳᠤ ᠬᠠᠰᠢ ᠯᠠ ᠠᠷᠠᠳ ᠤᠨ ᠴᠠᠭᠳᠠᠭ᠎ᠠ ᠶᠢ ᠲᠦᠰᠢᠬᠦ ᠬᠡᠷᠡᠭᠲᠡᠶ︾ ᠭᠡᠵᠦ ᠬᠡᠯᠡᠪᠡ᠃ ᠠᠷᠠᠳ ᠤᠨ ᠴᠠᠭᠳᠠᠭ᠎ᠠ᠄ ︽ᠪᠢᠳᠡᠨ ᠳᠤ ᠠᠪᠴᠤ ᠬᠡᠯᠡᠪᠡᠯ᠂ ᠡᠨᠡ ᠪᠣᠯ ᠳᠠᠷᠤᠶ ᠡᠳᠦᠷ ᠲᠤᠲᠤᠮ ᠤᠨ ᠠᠵᠢᠯ ᠮᠥᠨ᠂ ᠬᠡᠨ ᠡᠶᠢᠮᠦ ᠪᠠᠶᠢᠳᠠᠯ ᠳᠤ ᠲᠤᠯᠭᠠᠷᠠᠭᠰᠠᠨ ᠴᠤ ᠪᠦᠷ ᠬᠠᠪᠰᠤᠷᠤᠨ᠎ᠠ᠂ ᠡᠨᠡ ᠪᠣᠯ ᠪᠢᠳᠡᠨ ᠤ ᠬᠢᠪᠡᠰᠦ ᠵᠣᠬᠢᠬᠤ ᠠᠵᠢᠯ ᠮᠥᠨ︾ ᠭᠡᠵᠦ ᠬᠡᠯᠡᠪᠡ᠃     ᠡᠮᠨᠡᠯᠭᠡ ᠶᠢᠨ ᠬᠤᠷᠢᠶᠠᠨ ᠤ ᠪᠠᠶᠢᠴᠠᠭᠠᠯᠲᠠ ᠪᠠᠷ ᠬᠡᠦᠬᠡᠳ ᠤᠨ ᠰᠢᠷᠬ᠎ᠠ ᠶᠢᠨ ᠪᠠᠶᠢᠳᠠᠯ ᠬᠦᠨᠳᠦ ᠪᠢᠰᠢ᠃ ᠡᠨᠡ ᠨᠢ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠭᠦᠶ᠎ᠡ︾ ᠭᠡᠳᠡᠭ ᠤᠨ ᠨᠢᠭᠡᠨ ᠬᠤᠷᠢᠶᠠᠩᠭᠤᠶ ᠳᠦᠷᠰᠦ ᠪᠣᠯᠤᠨ᠎ᠠ᠂ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠢᠮᠡᠭᠡ ᠮᠡᠳᠡᠭᠡ ᠵᠢᠯᠣᠭᠤᠳᠬᠤ ᠲᠥᠪ ᠨᠢ ᠦᠷᠭᠦᠯᠵᠢᠯᠡᠨ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠠᠵᠢᠯᠯᠠᠭ᠎ᠠ ᠶᠢ ᠲᠤᠬᠠᠶᠢᠯᠠᠭᠰᠠᠨ ᠠᠵᠢᠯ ᠲᠠᠢ ᠪᠠᠨ ᠣᠷᠭᠠᠨᠢᠭ ᠢᠶᠠᠷ ᠤᠶᠠᠯᠳᠤᠭᠤᠯᠵᠤ᠂ ︽ᠴᠢᠮᠡᠭᠡ ᠮᠡᠳᠡᠭᠡ ᠵᠢᠯᠣᠭᠤᠳᠬᠤ ᠦᠢᠯᠡ ᠠᠵᠢᠯᠯᠠᠭ᠎ᠠ︾ ᠶᠢ ᠨᠢᠭᠡ ᠴᠤᠭᠴᠠᠵᠢᠭᠤᠯᠤᠭᠰᠠᠨ ᠠᠵᠢᠯᠯᠠᠭᠠᠨ ᠤ ᠲᠣᠭᠲᠠᠴᠠ ᠳᠤ ᠲᠦᠰᠢᠭᠯᠡᠨ᠂ ︽ᠣᠯᠠᠨ ᠲᠦᠮᠡᠨ ᠤ ᠶᠠᠪᠤᠳᠠᠯ ᠪᠠᠭ᠎ᠠ ᠶᠠᠪᠤᠳᠠᠯ ᠭᠡᠵᠦ ᠥᠬᠡᠶ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠡᠳᠦᠷ ᠲᠤᠲᠤᠮ ᠤᠨ ᠠᠵᠢᠯ ᠪᠠ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠦᠨᠡᠨ ᠪᠣᠳᠠᠲᠠᠶ ᠪᠠᠷ ᠨᠠᠶᠢᠳᠠᠪᠤᠷᠢᠵᠢᠭᠤᠯᠤᠨ᠎ᠠ᠃
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ