ᠬᠥᠯᠥᠨ ᠪᠤᠶᠢᠷ ᠬᠤᠲᠠ ᠶᠢᠨ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠤᠷᠭᠠᠭᠤᠯᠢ ᠶᠢᠨ ᠬᠦᠷᠢᠶᠡᠨ ᠤ      ︽ᠠᠮᠤᠷ ᠠᠮᠤᠭᠤᠯᠠᠩ ᠵᠢᠷᠤᠮ ᠤᠨ ᠴᠠᠭᠳᠠᠭ᠎ᠠ︾ ᠵᠢᠩᠬᠢᠨᠢ ᠪᠠᠷ ᠡᠬᠢᠯᠡᠨ ᠠᠵᠢᠯᠯᠠᠵᠤ ᠳᠡᠭᠡᠳᠦ ᠰᠤᠷᠭᠠᠭᠤᠯᠢ ᠶᠢᠨ ᠴᠠᠭᠳᠠᠭᠠᠨ ᠤ ᠶᠠᠪᠤᠳᠠᠯ ᠤᠨ ᠰᠢᠨ᠎ᠡ ᠬᠡᠪ ᠵᠠᠭᠪᠤᠷ ᠢ ᠪᠣᠶ ᠪᠣᠯᠭᠠᠪᠠ
ᠨᠡᠶᠢᠲᠡᠯᠡᠭᠰᠡᠨ ᠴᠠᠭ᠄
2023/5/11
      ᠰᠢᠨ᠎ᠡ ᠪᠠᠶᠢᠳᠠᠯ ᠳᠣᠣᠷᠠᠬᠢ ᠨᠡᠶᠢᠭᠡᠮ ᠤᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠠᠵᠢᠯ ᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠤᠭ ᠤᠨ ᠡᠮᠦᠨ᠎ᠡ ᠵᠠᠬ᠎ᠠ ᠳᠤ ᠬᠦᠷᠲᠡᠯ᠎ᠡ ᠦᠷᠭᠦᠯᠵᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠬᠥᠯᠥᠨ ᠪᠤᠶᠢᠷ ᠬᠤᠲᠠ ᠶᠢᠨ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ︽ᠠᠮᠤᠷ ᠠᠮᠤᠭᠤᠯᠠᠩ ᠵᠢᠷᠤᠮ ᠤᠨ ᠴᠠᠭᠳᠠᠭ᠎ᠠ︾ ᠶᠢᠨ ᠰᠢᠨ᠎ᠡ ᠵᠠᠭᠪᠤᠷ᠂ ᠰᠢᠨ᠎ᠡ ᠠᠴᠢᠶᠠᠯᠠᠪᠤᠷᠢ ᠶᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠵᠤ᠂ ᠨᠠᠮ ᠤᠨ ᠬᠤᠷᠢᠶ᠎ᠠ ᠠᠴᠠ ᠤᠳᠤᠷᠢᠳᠤᠭᠰᠠᠨ᠂ ᠳᠣᠲᠣᠭᠠᠳᠤ ᠶᠢ ᠬᠠᠮᠠᠭᠠᠯᠠᠬᠤ ᠠᠵᠢᠯ ᠢᠶᠠᠷ ᠲᠦᠷᠦᠭᠦᠯᠡᠭᠦᠯᠦᠭᠰᠡᠨ᠂ ᠨᠡᠶᠢᠭᠡᠮ ᠤᠨ ᠬᠦᠴᠦᠨ ᠨᠢ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠤᠭᠰᠠᠨ ᠣᠯᠠᠨ ᠡᠰᠢᠲᠦ ᠪᠠᠶᠢᠷᠢᠰᠢᠯ ᠢ ᠴᠢᠷᠮᠠᠶᠢᠨ ᠪᠣᠶ ᠪᠣᠯᠭᠠᠪᠠ᠃      ᠰᠤᠷᠭᠠᠭᠤᠯᠢ ᠶᠢᠨ ᠬᠦᠷᠢᠶᠡᠨ ᠤ ᠴᠠᠭᠳᠠᠭᠠᠨ ᠤ ᠶᠠᠪᠤᠳᠠᠯ ᠤᠨ ᠲᠠᠰᠤᠭ ᠤᠨ ᠴᠠᠭᠳᠠᠭᠠᠨ ᠤ ᠬᠦᠴᠦᠨ ᠬᠢᠵᠠᠭᠠᠷ ᠲᠠᠢ ᠬᠦᠯᠢᠶᠡᠰᠦᠯᠡᠯ ᠢ ᠡᠪᠳᠡᠬᠦ ᠶᠢᠨ ᠲᠥᠯᠥᠭᠡ᠂ ᠰᠢᠨ᠎ᠡ ᠬᠤᠲᠠ ᠶᠢᠨ ᠬᠤᠪᠢᠶᠠᠷᠢ ᠲᠣᠪᠴᠢᠶ᠎ᠠ ᠨᠢ ᠬᠠᠷᠢᠶᠠᠲᠤ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠴᠠᠭᠳᠠᠭᠠᠨ ᠤ ᠰᠤᠷᠭᠠᠭᠤᠯᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠦᠷᠢᠶᠡᠨ ᠤ ︽ᠠᠮᠤᠷ ᠠᠮᠤᠭᠤᠯᠠᠩ ᠵᠢᠷᠤᠮ ᠤᠨ ᠴᠠᠭᠳᠠᠭ᠎ᠠ︾ ᠶᠢᠨ ᠡᠩᠨᠡᠭᠡ ᠶᠢᠨ ᠪᠠᠶᠢᠭᠤᠯᠤᠯᠲᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠪᠠᠭᠰᠢ᠂ ᠰᠣᠷᠣᠭᠴᠢ᠂ ᠨᠠᠮ ᠤᠨ ᠭᠡᠰᠢᠭᠦᠨ ᠵᠡᠷᠭᠡ ᠬᠠᠮᠲᠤᠯᠢᠭ ᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠩᠨᠡᠭᠡ ᠳᠤ ᠣᠷᠣᠭᠤᠯᠤᠨ᠂ ᠬᠠᠮᠵᠢᠯᠴᠠᠨ ᠪᠠᠶᠢᠯᠳᠤᠵᠤ᠂ ᠠᠵᠢᠯ ᠬᠤᠪᠢᠶᠠᠷᠢᠯᠠᠨ ᠬᠠᠷᠢᠭᠤᠴᠠᠵᠤ᠂ ᠬᠠᠷᠢᠯᠴᠠᠨ ᠨᠥᠬᠦᠪᠥᠷᠢᠯᠡᠪᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠳᠠᠯ ᠪᠠ ᠠᠮᠤᠷ ᠲᠦᠪᠰᠢᠨ ᠤ ᠡᠮᠬᠢ ᠳᠢᠭᠯᠢᠮ ᠢ ᠨᠥᠯᠥᠭᠡᠯᠡᠵᠦ ᠮᠡᠳᠡᠬᠦ ᠠᠶᠤᠯ ᠲᠦᠭᠰᠢᠭᠦᠷᠢ ᠶᠢᠨ ᠬᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤ ᠨᠢ ᠠᠷᠢᠯᠭᠠᠬᠤ ᠬᠡᠷᠡᠭᠲᠡᠶ᠃      ᠬᠤᠶᠠᠷ ᠲᠠᠯ᠎ᠠ ᠪᠠᠷ ᠢᠶᠠᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠬᠤ ᠳᠤ ᠪᠠᠨ ᠬᠠᠮᠲᠤ ᠶᠢᠨ ᠲᠠᠨᠢᠯᠲᠠ ᠲᠠᠢ ᠪᠤᠯᠵᠤ᠂ ᠬᠤᠶᠢᠰᠢᠳᠠ ᠶᠢᠨ ᠭᠤᠣᠯᠳᠠᠯᠭ᠎ᠠ ᠲᠠᠢ ᠬᠠᠷᠠᠯᠲᠠ ᠪᠠᠨ ᠲᠣᠳᠣᠷᠬᠠᠶᠢᠯᠠᠪᠠ᠃ ᠨᠢᠭᠡ ᠳᠤ ︽ᠮᠡᠬᠡᠯᠡᠯ ᠦᠭᠡᠢ ᠰᠤᠷᠭᠠᠭᠤᠯᠢ ᠶᠢᠨ ᠬᠦᠷᠢᠶ᠎ᠡ︾ ᠶᠢ ᠡᠭᠦᠳᠦᠨ ᠪᠠᠶᠢᠭᠤᠯᠤᠨ᠎ᠠ᠃ ᠥᠩᠭᠡᠷᠡᠭᠰᠡᠨ ᠤ ︽ᠶᠡᠭᠡ ᠤᠰᠤ ᠪᠠᠷ  ᠤᠳᠠᠭᠠᠨ ᠤᠰᠤᠯᠠᠬᠤ︾ ᠮᠠᠶ᠋ᠢᠭ ᠤᠨ ᠨᠡᠶᠢᠳᠡᠮ ᠤᠨ ᠰᠠᠨᠠᠭᠤᠯᠭ᠎ᠠ ᠶᠢ ︽ᠨᠠᠷᠢᠯᠢᠭ ᠣᠨᠣᠴᠠᠲᠠᠶ ᠪᠠᠷ ᠤᠰᠤᠯᠠᠬᠤ︾ ᠮᠠᠶ᠋ᠢᠭ ᠤᠨ ᠬᠠᠨᠳᠤᠯᠭ᠎ᠠ ᠲᠠᠢ ᠪᠠᠷ ᠤᠬᠠᠭᠤᠯᠬᠤ ᠳᠠᠰᠢ ᠬᠤᠪᠢᠷᠠᠭᠤᠯᠵᠤ᠂ ᠪᠠᠭᠰᠢ ᠰᠣᠷᠣᠭᠴᠢ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠬᠤᠯᠠᠴᠢᠯᠠᠨ᠂ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠥᠮᠦᠨ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠳᠠᠪᠠᠭᠤᠯᠢᠭ ᠢ ᠪᠠᠳᠠᠷᠠᠭᠤᠯᠤᠨ᠂ ᠰᠤᠷᠤᠭᠴᠢᠳ ᠤᠨ ᠶᠠᠯᠠᠲᠤ ᠠᠵᠢᠯᠯᠠᠭ᠎ᠠ ᠳᠤ ᠣᠷᠣᠯᠴᠠᠬᠤ ᠶᠢ ᠰᠡᠷᠭᠡᠶᠢᠯᠡᠵᠦ᠂ ᠪᠠᠭᠰᠢ ᠰᠣᠷᠣᠭᠴᠢ ᠶᠢᠨ ︽ᠵᠣᠭᠤᠰᠣᠨ ᠤ ᠤᠭᠤᠲᠠ︾ ᠶᠢ ᠡᠷᠡᠰ ᠰᠠᠬᠢᠨ ᠬᠠᠮᠠᠭᠠᠯᠠᠬᠤ ᠬᠡᠷᠡᠭᠲᠡᠶ᠃ ᠬᠤᠶᠠᠷ ᠲᠤ ︽ᠬᠤᠤᠷ ᠥᠬᠡᠶ ᠰᠤᠷᠭᠠᠭᠤᠯᠢ ᠶᠢᠨ ᠬᠦᠷᠢᠶ᠎ᠡ︾ ᠶᠢ ᠡᠭᠦᠳᠦᠨ ᠪᠠᠶᠢᠭᠤᠯᠤᠨ᠎ᠠ᠃ ᠪᠣᠭᠤᠮᠲᠠ ᠶᠢ ᠤᠷᠢᠳ ᠢᠶᠠᠷ ᠰᠢᠯᠵᠢᠭᠦᠯᠬᠦ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ︽ᠰᠤᠷᠭᠠᠭᠤᠯᠢ ᠶᠢᠨ ᠬᠦᠷᠢᠶᠡᠨ ᠤ ᠵᠢᠷᠤᠮ ᠤᠨ ᠴᠠᠭᠳᠠᠭ᠎ᠠ︾ ᠶᠢᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠵᠠᠯᠠᠭᠤᠴᠤᠳ ᠪᠠᠭᠠᠴᠤᠳ ᠢᠶᠠᠷ ᠵᠠᠯᠠᠭᠤᠴᠤᠳ ᠪᠠᠭᠠᠴᠤᠳ ᠢ ᠨᠥᠯᠥᠭᠡᠯᠡᠨ᠂ ᠥᠷᠭᠡᠨ ᠤᠯᠠᠨ ᠪᠠᠭᠰᠢ ᠰᠤᠷᠤᠭᠴᠢᠳ ᠤᠨ ᠬᠤᠣᠷ ᠲᠠᠨᠢᠬᠤ᠂ ᠬᠤᠣᠷ ᠰᠡᠷᠭᠡᠶᠢᠯᠡᠬᠦ᠂ ᠬᠤᠣᠷ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠭᠤᠷᠪᠠ ᠳᠤ ︽ᠬᠡᠷᠡᠭ ᠦᠯᠦ ᠡᠭᠦᠰᠬᠦ︾ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠤᠨ᠎ᠠ᠃ ᠡᠯ᠎ᠡ ᠲᠥᠷᠥᠯ ᠤᠨ ᠰᠡᠷᠭᠡᠶᠢᠯᠡᠵᠦ  ᠪᠣᠯᠬᠤ᠂  ᠡᠵᠡᠮᠳᠡᠵᠦ  ᠪᠣᠯᠬᠤ  ᠴᠢᠨᠠᠷᠲᠠᠶ  ᠬᠡᠷᠡᠭ  ᠡᠭᠦᠰᠬᠦ  ᠶᠢ  ᠡᠷᠡᠰ  ᠢᠶᠠᠷ  ᠪᠠᠭᠠᠰᠬᠠᠨ ᠬᠤᠷᠢᠭᠯᠠᠵᠤ᠂ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠬᠡᠷᠡᠭ ᠦᠯᠦ ᠡᠭᠦᠰᠬᠦ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠶᠠᠯ᠎ᠠ ᠦᠯᠦ ᠬᠢᠬᠦ᠂ ᠠᠮᠤᠷ ᠲᠦᠪᠰᠢᠨ ᠤ ᠠᠳᠡᠯ ᠦᠯᠦ ᠭᠠᠷᠬᠤ︾ ᠠᠵᠢᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠳᠥᠷᠪᠡ ᠳᠤ ︽ᠳᠠᠷᠤᠯᠠᠯ ᠥᠬᠡᠶ︾ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠤᠨ᠎ᠠ᠃ ᠰᠤᠷᠭᠠᠭᠤᠯᠢ᠂ ︽ᠰᠤᠷᠭᠠᠭᠤᠯᠢ  ᠶᠢᠨ  ᠬᠦᠷᠢᠶᠡᠨ  ᠤ  ᠵᠢᠷᠤᠮ  ᠤᠨ  ᠴᠠᠭᠳᠠᠭ᠎ᠠ︾᠂  ᠬᠡᠷ  ᠪᠦᠯᠢ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠳᠠᠯᠳᠠ ᠬᠡᠮ ᠪᠠ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠶᠢ ᠴᠢᠩᠭᠠᠳᠬᠠᠨ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤ ᠨᠢ ᠰᠢᠢᠳᠪᠦᠷᠢᠯᠡᠵᠦ᠂ ᠰᠤᠷᠭᠠᠭᠤᠯᠢ ᠶᠢᠨ ᠬᠦᠷᠢᠶᠡᠨ ᠤ ᠳᠠᠷᠤᠯᠠᠯ ᠳᠤ ︽ᠪᠣᠯᠬᠤ ᠥᠬᠡᠶ︾ ᠭᠡᠵᠦ ᠡᠷᠡᠰ ᠬᠠᠨᠳᠤᠬᠤ ᠬᠡᠷᠡᠭᠲᠡᠢ᠃      ᠬᠥᠯᠥᠨ ᠪᠤᠶᠢᠷ ᠬᠤᠲᠠ ᠶᠢᠨ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠬᠥᠯᠥᠨ ᠪᠤᠶᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ︽ᠠᠮᠤᠷ ᠠᠮᠤᠭᠤᠯᠠᠩ ᠵᠢᠷᠤᠮ ᠤᠨ ᠴᠠᠭᠳᠠᠭ᠎ᠠ︾ ᠶᠢᠨ ᠡᠩᠨᠡᠭᠡ ᠪᠠᠷ  ᠵᠢᠱᠢᠶ᠎ᠡ  ᠦᠵᠡᠭᠦᠯᠬᠦ  ᠴᠡᠭ  ᠪᠣᠯᠭᠠᠵᠤ᠂  ᠠᠵᠤ  ᠠᠬᠤᠶᠢᠯᠠᠯ ᠤᠨ ︽ᠠᠮᠤᠷ ᠠᠮᠤᠭᠤᠯᠠᠩ ᠵᠢᠷᠤᠮ ᠤᠨ ᠴᠠᠭᠳᠠᠭ᠎ᠠ︾ ᠶᠢ ᠠᠯᠬᠤᠮ ᠠᠯᠬᠤᠮ ᠢᠶᠠᠷ ᠠᠬᠢᠭᠤᠯᠵᠤ᠂ ᠨᠡᠶᠢᠭᠡᠮ ᠲᠣᠭᠤᠷᠢᠭ ᠤᠨ ︽ᠠᠮᠤᠷ ᠠᠮᠤᠭᠤᠯᠠᠩ ᠵᠢᠷᠤᠮ ᠤᠨ ᠴᠠᠭᠳᠠᠭ᠎ᠠ︾ ᠶᠢ ᠭᠦᠨᠵᠡᠭᠡᠶᠢᠷᠡᠭᠦᠯᠦᠨ ᠠᠬᠢᠭᠤᠯᠵᠤ᠂ ᠴᠡᠭ ᠢᠶᠠᠷ ᠪᠦᠬᠦ ᠲᠠᠯ᠎ᠠ ᠶᠢ ᠳᠠᠶᠢᠴᠢᠯᠠᠨ ᠪᠦᠬᠦᠨ ᠢ ᠬᠠᠮᠤᠷᠤᠭᠤᠯᠵᠤ᠂ ︽ᠠᠮᠤᠷ ᠠᠮᠤᠭᠤᠯᠠᠩ ᠵᠢᠷᠤᠮ ᠤᠨ ᠴᠠᠭᠳᠠᠭ᠎ᠠ︾ ᠶᠢ ᠬᠠᠷᠢᠶ᠎ᠠ ᠣᠷᠣᠨ ᠳᠤ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠪᠠ᠃
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ