ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠭᠤᠷᠪᠠᠨ ᠬᠡᠮᠵᠢᠯᠲᠡ︾ ᠵᠡᠷᠭᠡᠪᠡᠷ ᠬᠦᠴᠦᠯᠡᠨ ᠲᠤᠰᠬᠠᠢ ᠠᠵᠢᠯᠯᠠᠭ᠎ᠠ ᠶᠢ ᠬᠦᠴᠦᠳᠡᠢ ᠠᠬᠢᠭᠤᠯᠪᠠ
ᠨᠡᠶᠢᠲᠡᠯᠡᠭᠰᠡᠨ ᠴᠠᠭ᠄
2023/5/16
     ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠲᠦᠷᠢ ᠲᠥᠷᠬᠦ ᠶᠢ ᠪᠤᠢ ᠪᠣᠯᠭᠠᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ︽ᠲᠠᠪᠤᠨ ᠲᠡᠷᠢᠭᠦᠨ︾ ᠤ ᠠᠵᠢᠯ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠭᠠᠷᠤᠭ᠎ᠠ ᠠᠴᠠ ᠨᠠᠷᠢᠨ ᠨᠢᠮᠪᠠᠢ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠭᠦᠨᠵᠡᠭᠡᠶᠢᠷᠡᠭᠦᠯᠦᠨ ᠠᠬᠢᠭᠤᠯᠵᠤ᠂ ︽ᠭᠤᠷᠪᠠᠨ ᠬᠡᠮᠵᠢᠯᠳᠡ︾ ᠵᠡᠷᠭᠡᠪᠡᠷ ᠬᠦᠴᠦᠯᠡᠵᠦ᠂ ᠲᠤᠰᠬᠠᠢ ᠠᠵᠢᠯᠯᠠᠭ᠎ᠠ ᠶᠢ ᠭᠦᠨ ᠦᠨᠳᠦᠰᠦᠯᠡᠭᠦᠯᠵᠦ᠂ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠢ ᠵᠡᠷᠭᠡᠪᠡᠷ ᠠᠬᠢᠭᠤᠯᠵᠤ᠂ ᠭᠦᠨᠵᠡᠭᠡᠢ ᠠᠭᠤᠰᠤᠯᠴᠠᠭᠤᠯᠵᠤ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ ᠶᠢ ᠪᠡᠶᠡᠯᠡᠭᠦᠯᠪᠡ᠃      ᠳᠡᠭᠡᠲᠦ ᠳᠠᠪᠬᠤᠷᠭ᠎ᠠ ᠶᠢᠨ ᠪᠠᠶᠢᠷᠢᠯᠠᠭᠤᠯᠤᠯᠲᠠ ᠨᠢ ︽ᠡᠷᠴᠢᠮ ᠲᠠᠢ︾᠃ ᠥᠨᠳᠥᠷ ᠭᠠᠷᠤᠭ᠎ᠠ ᠠᠴᠠ ᠡᠬᠢᠯᠡᠭᠦᠯᠪᠡ᠃ ᠲᠣᠪᠴᠢᠶ᠎ᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠲᠥᠯᠥᠪᠯᠡᠨ ᠪᠠᠶᠢᠷᠢᠯᠠᠭᠤᠯᠤᠨ᠂ ᠬᠠᠮᠤᠭ ᠤᠨ ᠲᠡᠷᠢᠭᠦᠨ ᠳᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠤᠭ ᠤᠨ ᠲᠡᠷᠢᠭᠦᠨ ᠳᠤ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ ︿ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ﹀︾ ᠢ ᠳᠠᠷᠤᠮᠠᠯᠯᠠᠨ ᠲᠠᠷᠬᠠᠭᠠᠵᠤ᠂ ᠲᠤᠰᠬᠠᠶ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠷᠠᠯᠲᠠ᠂ ᠡᠭᠦᠷᠭᠡ᠂ ᠠᠷᠭ᠎ᠠ ᠬᠡᠮᠵᠢᠶ᠎ᠡ᠂ ᠴᠠᠭ ᠤᠨ ᠬᠢᠵᠠᠭᠠᠷ ᠢ ᠲᠣᠭᠲᠠᠭᠠᠭᠰᠠᠨ ᠪᠠᠶᠢᠨ᠎ᠠ᠃ ᠡᠭᠦᠨ ᠤ ᠵᠡᠷᠭᠡᠪᠡᠷ᠂ ︽2023 ᠣᠨ ᠤ ︿ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠲᠦᠷᠢ ᠲᠥᠷᠬᠦ ᠶᠢ ᠪᠤᠢ ᠪᠣᠯᠭᠠᠬᠤ﹀ ᠰᠤᠷᠲᠠᠯ ᠢ ᠪᠤᠢ ᠪᠣᠯᠭᠠᠬᠤ ᠵᠢᠴᠢ ᠬᠠᠪᠤᠷ ᠤᠨ ᠤᠯᠠᠷᠢᠯ ᠤᠨ ᠴᠠᠭᠳᠠᠭᠠᠨ ᠤ ᠶᠡᠭᠡ ᠪᠣᠯᠪᠠᠰᠤᠷᠠᠯ ᠤᠨ ᠠᠵᠢᠯᠯᠠᠭ᠎ᠠ ᠶᠢᠨ ᠲᠥᠰᠦᠯ︾᠂ ︽︿ᠲᠦᠷᠢ ᠲᠥᠷᠬᠦ ᠶᠢ ᠪᠤᠢ ᠪᠣᠯᠭᠠᠬᠤ﹀ ᠲᠤᠰᠬᠠᠢ ᠠᠵᠢᠯᠯᠠᠭ᠎ᠠ ︿ᠲᠡᠷᠢᠭᠦᠨ ᠵᠡᠷᠭᠡ ᠶᠢᠨ ᠠᠮᠵᠢᠯᠲᠠ ᠪᠦᠲᠦᠮᠵᠢ ᠶᠢ ᠪᠤᠢ ᠪᠣᠯᠭᠠᠬᠤ﹀ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠲᠤᠰᠬᠠᠢ ᠠᠵᠢᠯᠯᠠᠭ᠎ᠠ ᠶᠢᠨ ᠲᠣᠭᠲᠠᠭᠤᠨ ᠢᠶᠠᠷ ᠡᠬᠢᠯᠡᠬᠦ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠠᠢ᠃ ᠥᠨᠳᠥᠷ ᠪᠠᠷᠢᠮᠵᠢᠶ᠎ᠠ ᠪᠠᠷ ᠥᠷᠨᠢᠭᠦᠯᠪᠡ᠃ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠣᠭᠤᠬᠤ ᠶᠢ ᠴᠦᠬᠦᠷᠡᠰᠢ ᠦᠭᠡᠢ ᠪᠠᠷᠢᠮᠲᠠᠯᠠᠵᠤ᠂ ᠪᠠᠶᠢᠩᠭᠤᠵᠢᠭᠰᠠᠨ ᠰᠣᠷᠤᠯᠴᠠᠬᠤ ᠲᠣᠭᠲᠠᠴᠠ ᠶᠢ ᠪᠠᠶᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡᠳᠦᠭᠡᠷ ᠵᠥᠪᠯᠡᠬᠦ ᠰᠡᠳᠦᠪ︾ ︽ᠭᠤᠷᠪᠠᠨ ᠬᠤᠷᠠᠯ ᠨᠢᠭᠡ ᠬᠢᠴᠢᠶᠡᠯ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠨᠠᠮ ᠤᠨ ᠬᠤᠷᠢᠶ᠎ᠠ ᠶᠢᠨ ᠭᠤᠤᠯ ᠳᠤᠭᠤᠶᠢᠯᠠᠩ᠂ ᠡᠯ᠎ᠡ ᠨᠠᠮ ᠤᠨ ᠡᠭᠦᠷ ᠤᠨ 2023 ᠣᠨ ᠤ ᠰᠤᠷᠤᠯᠴᠠᠬᠤ ᠲᠥᠯᠥᠪᠯᠡᠭᠡ ᠶᠢ ᠲᠣᠭᠲᠠᠭᠠᠵᠤ᠂ ︽ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︿ᠨᠢᠭᠡᠳᠦᠭᠡᠷ ᠵᠥᠪᠯᠡᠬᠦ ᠰᠡᠳᠦᠪ﹀ ᠢ ᠨᠠᠶᠢᠳᠠᠪᠤᠷᠢᠵᠢᠭᠤᠯᠬᠤ ᠲᠦᠷᠢᠮ ᠪᠠ ᠨᠠᠮ ᠤᠨ ᠬᠤᠷᠢᠶ᠎ᠠ ᠶᠢᠨ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠬᠤ ᠲᠦᠷᠢᠮ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠥᠬᠦ ᠵᠢᠯ ᠤᠨ ᠰᠤᠷᠤᠯᠴᠠᠯᠭ᠎ᠠ ᠬᠥᠮᠦᠵᠢᠯ ᠪᠠ ᠨᠠᠮ ᠤᠨ ᠪᠠᠶᠢᠭᠤᠯᠤᠯᠲᠠ ᠶᠢᠨ ᠠᠵᠢᠯ ᠳᠤ ᠭᠤᠤᠯ ᠬᠥᠭ ᠠᠶᠠᠰ ᠢ ᠲᠠᠯᠪᠢᠨ ᠥᠭᠴᠦ᠂ ᠤᠯᠤᠰ ᠲᠥᠷᠥ ᠶᠢᠨ ᠪᠠᠶᠢᠭᠤᠯᠤᠯᠲᠠ ᠶᠢᠨ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠡᠭᠦᠷᠢᠳᠡ ᠦᠨᠡᠨᠴᠢ ᠰᠢᠳᠤᠷᠭᠤ ᠪᠠᠷ ︽ᠨᠠᠮ ᠤᠨ ᠪᠠᠶᠢᠭᠤᠯᠤᠯᠲᠠ ᠶᠢ ᠠᠳᠬᠤᠬᠤ︾ ᠶᠢ ᠦᠨᠡᠨ ᠬᠦ ᠪᠠᠲᠤᠯᠠᠪᠠ᠃ ᠴᠢᠨᠠᠷ ᠰᠠᠶᠢᠲᠠᠶ ᠪᠠᠷ ᠠᠬᠢᠭᠤᠯᠪᠠ᠃ ᠳᠣᠲᠣᠭᠠᠳᠤ ᠶᠢ ᠬᠠᠮᠠᠭᠠᠯᠠᠬᠤ ᠨᠠᠮ ᠤᠨ ᠰᠤᠷᠭᠠᠭᠤᠯᠢ ᠳᠤ ᠲᠦᠰᠢᠭᠯᠡᠨ᠂ ︽ᠳᠣᠲᠣᠭᠠᠳᠤ ᠶᠢ ᠬᠠᠮᠠᠭᠠᠯᠠᠬᠤ ᠨᠠᠮ ᠢᠶᠠᠨ ᠳᠠᠭᠠᠵᠤ ᠳᠠᠷᠪᠠᠭᠤᠯ ᠬᠡᠶᠢᠰᠬᠡᠨ ᠰᠢᠨ᠎ᠡ ᠠᠶᠠᠨ ᠵᠠᠮ ᠳᠤ ᠪᠠᠨ ᠠᠶᠠᠯᠠᠭᠰᠠᠨ︾ ᠵᠢᠴᠢ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠮᠡᠳᠡᠯᠭᠡ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠤᠷᠤᠯᠳᠤᠭᠠᠨ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠰᠤᠷᠲᠠᠯ ᠢ ᠪᠣᠶ ᠪᠣᠯᠭᠠᠬᠤ ᠵᠢᠴᠢ ᠬᠠᠪᠤᠷ ᠤᠨ ᠤᠯᠠᠷᠢᠯ ᠤᠨ ᠴᠠᠭᠳᠠᠭᠠᠨ ᠤ ᠶᠡᠭᠡ ᠪᠣᠯᠪᠠᠰᠤᠷᠠᠯ᠂ ᠵᠢᠭᠰᠠᠭᠠᠯ ᠤᠨ ᠬᠠᠮᠲᠤᠷᠠᠭᠰᠠᠨ ᠲᠠᠮᠢᠷ᠂ ᠤᠯᠠᠭᠠᠨ ᠬᠥᠬᠡ ᠶᠢᠨ ᠡᠰᠡᠷᠭᠦᠴᠡᠯᠳᠦᠯ ᠤᠨ ᠪᠣᠳᠠᠲᠤ ᠪᠠᠶᠢᠯᠳᠤᠭᠠᠨ ᠤ ᠰᠣᠷᠢᠯᠲᠠ᠂ ᠡᠷᠡᠭᠦᠤ ᠶᠢᠨ ᠬᠡᠷᠡᠭ ᠤᠨ ᠮᠡᠷᠭᠡᠵᠢᠯ ᠤᠨ ᠪᠣᠯᠪᠠᠰᠤᠷᠠᠯ ᠤᠨ ᠠᠩᠭᠢ ᠵᠡᠷᠭᠡ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠪᠡ᠃ ᠤᠯᠤᠰ ᠲᠦᠷᠦ ᠪᠠᠷ ᠳᠠᠪᠲᠠᠨ ᠪᠣᠯᠪᠠᠰᠤᠷᠠᠭᠤᠯᠬᠤ ᠪᠠᠷ ᠴᠠᠭᠳᠠᠭ᠎ᠠ ᠶᠢᠨ ᠰᠦᠭ ᠰᠦᠨᠡᠰᠦ ᠶᠢ ᠱᠤᠭᠤᠵᠤ᠂ ᠪᠡᠶ᠎ᠡ ᠶᠢᠨ ᠴᠢᠳᠠᠪᠤᠷᠢ ᠶᠢ ᠪᠣᠯᠪᠠᠰᠤᠷᠠᠭᠤᠯᠬᠤ ᠪᠠᠷ ᠰᠠᠭᠤᠷᠢ ᠮᠡᠷᠭᠡᠵᠢᠯ ᠢ ᠪᠠᠬᠢᠵᠢᠭᠦᠯᠵᠦ᠂ ᠤᠷ᠎ᠠ ᠴᠢᠳᠠᠪᠤᠷᠢ ᠶᠢ ᠪᠣᠯᠪᠠᠰᠤᠷᠠᠭᠤᠯᠬᠤ ᠪᠠᠷ ᠬᠡᠪ ᠴᠢᠨᠠᠷ ᠢ ᠴᠢᠩᠭᠠᠳᠬᠠᠵᠤ᠂ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠬᠤ ᠳᠤ ᠰᠠᠭᠤᠷᠢ ᠶᠢ ᠪᠠᠳᠤᠳᠬᠠᠪᠠ᠃     ᠲᠤᠰᠬᠠᠶ ᠵᠦᠢᠯ ᠤᠨ ᠠᠵᠢᠯᠯᠠᠭᠠᠨ ᠢ ︽ᠭᠦᠨᠴᠡ ᠲᠠᠢ︾ ᠪᠣᠯᠭᠠᠪᠠ᠃ ᠨᠠᠮ ᠤᠨ ᠪᠠᠶᠢᠭᠤᠯᠤᠯᠲᠠ ᠬᠦᠳᠦᠯᠦᠨ ᠳᠠᠭᠠᠭᠤᠯᠵᠤ ᠬᠥᠭᠵᠢᠯᠲᠡ ᠶᠢ ᠠᠬᠢᠭᠤᠯᠪᠠ᠃︽ᠦᠨᠡᠨ ᠰᠡᠳᠭᠢᠯ ᠠᠴᠠ ᠪᠠᠨ ᠦᠦᠰᠢᠨ ᠢ ᠬᠠᠮᠠᠭᠠᠯᠠᠬᠤ︾ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠡᠭᠦᠳᠦᠨ ᠪᠠᠶᠢᠭᠤᠯᠵᠤ᠂ ︽ᠵᠢᠷᠥᠬᠡᠨ ᠠᠴᠠ ᠪᠠᠨ ᠦᠨᠡᠨᠴᠢ ᠰᠢᠳᠤᠷᠭᠤ ᠪᠠᠶᠢᠬᠤ︾ ︽ᠥᠨᠢᠳᠡ ᠠᠮᠤᠷ ᠠᠮᠤᠭᠤᠯᠠᠩ ᠢ ᠬᠠᠮᠠᠭᠠᠯᠠᠬᠤ︾ ︽ᠴᠠᠭ ᠢᠮᠠᠭᠲᠠ ᠤᠷᠤᠭᠰᠢᠯᠠᠨ ᠳᠠᠪᠰᠢᠬᠤ︾ ︽ᠠᠷᠢᠭᠤᠨ ᠴᠢᠭᠴᠢ ᠪᠠᠷ ᠠᠵᠢᠯᠯᠠᠬᠤ︾ ᠳᠥᠷᠪᠡᠨ ᠵᠦᠢᠯ ᠤᠨ ᠨᠠᠷᠠᠲᠤ ᠲᠡᠮᠳᠡᠭ ᠤᠨ Logo ᠶᠢ ᠵᠢᠷᠤᠭᠯᠠᠨ ᠲᠥᠯᠥᠪᠯᠡᠵᠦ᠂ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠤᠨ ᠠᠭᠤᠯᠤᠭᠳᠠᠬᠤᠨ ᠢ ᠲᠠᠰᠤᠷᠠᠯᠲᠠ ᠥᠬᠡᠶ ᠥᠷᠭᠡᠳᠬᠡᠨ᠂ ᠰᠢᠨ᠎ᠡ ᠶᠢ ᠡᠭᠦᠳᠦᠨ ᠬᠥᠭᠵᠢᠭᠦᠯᠬᠦ ᠰᠢᠨ᠎ᠡ ᠬᠦᠴᠦᠨ ᠢ ᠨᠢᠭᠲᠠᠷᠠᠭᠤᠯᠵᠤ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠲᠦᠭᠰᠢᠭᠦᠷᠢ ᠶᠢ ᠰᠡᠷᠭᠡᠶᠢᠯᠡᠬᠦ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ ᠡᠭᠦᠨ ᠤ ᠬᠠᠮᠲᠤ᠂ ︽2023 ᠣᠨ ᠤ ᠪᠠᠶᠢᠭᠤᠯᠭ᠎ᠠ ᠶᠢᠨ ᠨᠠᠮ ᠤᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠬᠤ ᠲᠥᠰᠦᠯ︾︽ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠣᠳᠣᠨ ᠲᠠᠰ ᠢ ᠦᠨᠡᠯᠡᠨ ᠲᠣᠭᠲᠠᠭᠠᠬᠤ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠠᠵᠢᠯ ᠤᠨ ᠲᠥᠰᠦᠯ ᠳᠤᠭᠳᠠᠭᠠᠨ᠂ ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠦᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠪᠡ᠃ ᠵᠥᠪ ᠴᠢᠭᠯᠡᠯ ᠢᠶᠠᠷ ᠤᠷᠮᠠᠰᠢᠭᠤᠯᠵᠤ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠪᠠ᠃ ︽ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠤᠪᠢ ᠬᠥᠮᠦᠨ ︵ᠰᠠᠯᠪᠤᠷᠢ ᠪᠠ ᠠᠩᠬᠢ ᠶᠢᠨ ᠳᠠᠷᠤᠭ᠎ᠠ︶ ᠤ ᠬᠤᠪᠢ ᠬᠤᠷᠠᠮᠳᠤᠭᠤᠯᠵᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ︾ ᠪᠠ ᠠᠵᠤ ᠠᠬᠤᠶᠢᠯᠠᠯ ᠤᠨ ᠸᠢᠴᠠᠲ ᠢᠶᠠᠷ ᠡᠳᠦᠷ ᠤᠨ ᠬᠠᠷᠢᠭᠤ ᠮᠡᠳᠡᠭᠦᠯᠬᠦ ᠠᠵᠢᠯ ᠤᠨ ᠲᠣᠭᠲᠠᠴᠠ ᠶᠢ ᠲᠣᠭᠲᠠᠭᠠᠨ ᠬᠡᠷᠡᠭᠵᠢᠭᠦᠯᠵᠦ᠂ ᠢᠯᠡᠭᠦᠤ ᠠᠵᠢᠯᠯᠠᠪᠠᠯ ᠳᠤᠲᠠᠭᠤ ᠠᠵᠢᠯᠯᠠᠪᠠᠯ ᠨᠢᠭᠡ ᠯᠡ ᠠᠳᠠᠯᠢ ᠪᠠᠶᠢᠵᠤ ᠴᠢᠳᠠᠬᠤ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠨ᠂ ︽ᠠᠵᠢᠯ ᠣᠯᠭᠤᠯᠲᠠ ᠶᠢᠨ ᠴᠠᠭᠳᠠᠭ᠎ᠠ︾ ᠶᠢ ︽ᠠᠵᠢᠯ ᠦᠢᠯᠡᠰ ᠤᠨ ᠴᠠᠭᠳᠠᠭ᠎ᠠ︾ ᠪᠣᠯᠭᠠᠨ ᠬᠤᠪᠢᠷᠠᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠪᠥᠬᠦ ᠴᠠᠭᠳᠠᠭ᠎ᠠ ᠶᠢᠨ ᠠᠵᠢᠯ ᠤᠨ ᠢᠳᠡᠪᠬᠢᠵᠢᠯ ᠢ ᠳᠡᠭᠡᠭᠰᠢᠯᠡᠭᠦᠯᠪᠡ᠃ ᠰᠤᠷᠲᠠᠯ ᠢ ᠴᠢᠩᠭ᠎ᠠ ᠪᠥᠭᠡᠳ ᠪᠣᠳᠠᠲᠠᠶ ᠪᠠᠷ ᠴᠡᠭᠴᠡᠯᠡᠬᠦ ᠬᠡᠷᠡᠭᠲᠡᠶ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ︽ᠶᠡᠭᠡ ᠪᠠᠶᠢᠴᠠᠭᠠᠯᠲᠠ᠂ ᠶᠡᠭᠡ ᠪᠠᠶᠢᠴᠠᠭᠠᠨ ᠰᠤᠳᠤᠯᠤᠯᠲᠠ᠂ ᠶᠡᠭᠡ ᠴᠡᠭᠴᠡᠯᠡᠯᠲᠡ︾ ᠶᠢ ᠭᠦᠨᠵᠡᠭᠡᠶ ᠥᠷᠨᠢᠭᠦᠯᠵᠦ᠂ ︽ᠨᠠᠢᠮᠠᠨ ᠲᠥᠷᠥᠯ ᠤᠨ ᠠᠰᠠᠭᠤᠳᠠᠯ ᠤᠨ ᠨᠠᠷᠢᠨ ᠲᠠᠩᠰᠠ︾ ᠲᠠᠢ ᠬᠠᠷᠢᠴᠠᠭᠤᠯᠤᠨ ᠵᠦᠢᠯ ᠳᠠᠷᠠᠭᠠᠯᠠᠨ ᠥᠪᠡᠷ ᠢᠶᠠᠨ ᠪᠠᠶᠢᠴᠠᠭᠠᠵᠤ᠂ ᠡᠯ᠎ᠡ ᠨᠠᠮ ᠤᠨ ᠡᠭᠦᠷ ᠨᠡᠶᠢᠲᠡ 9 ᠵᠤᠷᠪᠤᠰ ᠠᠰᠠᠭᠤᠳᠠᠯ ᠢ ᠢᠯᠡᠷᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠬᠤᠯᠪᠣᠭᠠᠯᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠤᠨ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠪᠠ᠃ ᠬᠤᠰᠢᠭᠤᠨ ᠤ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠡᠯ᠎ᠡ ᠨᠠᠮ ᠤᠨ ᠡᠭᠦᠷ ᠲᠤ ᠪᠠᠶᠢᠩᠭᠤ ᠭᠦᠨᠵᠡᠭᠡᠶᠢᠷᠡᠨ ᠨᠠᠮ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠪᠣᠳᠠᠲᠠᠶ ᠦᠷ᠎ᠡ ᠪᠦᠲᠦᠮᠵᠢ ᠭᠠᠷᠭᠠᠪᠠ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠲᠦᠷᠢ ᠲᠥᠷᠬᠦ ᠶᠢ ᠪᠤᠢ ᠪᠣᠯᠭᠠᠪᠠ᠃ ᠨᠠᠢᠮᠠᠨ ᠲᠦᠷᠦᠯ ᠤᠨ ᠠᠰᠠᠭᠤᠳᠠᠯ ᠲᠠᠢ ᠬᠠᠷᠢᠴᠠᠭᠤᠯᠤᠨ ᠥᠪᠡᠷ ᠤᠨ ᠪᠠᠶᠢᠴᠠᠭᠠᠯᠲᠠ ᠶᠢ ᠥᠷᠨᠢᠭᠦᠯᠵᠦ᠂ ︽ᠨᠠᠢᠮᠠᠨ ᠲᠦᠷᠦᠯ ᠤᠨ ᠠᠰᠠᠭᠤᠳᠠᠯ ᠢ ᠥᠪᠡᠷ ᠤᠨ ᠪᠠᠶᠢᠴᠠᠭᠠᠯᠲᠠ ᠶᠢᠨ ᠨᠠᠷᠢᠨ ᠳᠠᠩᠰᠠ︾ ᠶᠢ ᠪᠠᠭᠤᠯᠭᠠᠵᠤ᠂ 5 ᠠᠰᠠᠭᠤᠳᠠᠯ ᠢ ᠥᠪᠡᠷ ᠢᠶᠠᠨ ᠪᠠᠶᠢᠴᠠᠭᠠᠨ ᠭᠠᠷᠭᠠᠵᠤ᠂ 4 ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠬᠠᠷᠠᠯᠲᠠ ᠲᠣᠭᠲᠠᠭᠠᠬᠤ᠂ ᠡᠭᠦᠷᠭᠡ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ᠂ ᠠᠷᠭ᠎ᠠ ᠬᠡᠮᠵᠢᠶ᠎ᠡ ᠲᠣᠭᠲᠠᠭᠠᠬᠤ᠂ ᠴᠠᠭ ᠬᠤᠭᠤᠴᠠᠭ᠎ᠠ ᠶᠢ ᠲᠣᠭᠲᠠᠭᠠᠬᠤ ︽ᠲᠠᠪᠤ ᠶᠢ ᠲᠣᠭᠲᠠᠭᠠᠬᠤ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠰᠤᠷᠲᠠᠯ ᠤᠨ ᠴᠡᠭᠴᠡᠯᠡᠨ ᠰᠠᠶᠢᠵᠢᠷᠠᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠳᠤᠯᠠᠪᠠ᠃ ᠡᠯ᠎ᠡ ᠰᠠᠯᠠᠭ᠎ᠠ ᠮᠥᠴᠢᠷ ᠡᠯ᠎ᠡ ᠲᠥᠷᠥᠯ ᠤᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ 7 ᠤᠳᠠᠭ᠎ᠠ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ ᠬᠠᠤᠯᠢ ᠲᠦᠷᠢᠮ ᠤᠨ ᠰᠠᠯᠠᠭ᠎ᠠ ᠮᠥᠴᠢᠷ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠲᠤᠬᠠᠶ ᠶᠢᠨ ᠲᠠᠯᠠᠪᠤᠷ ᠲᠤ ᠨᠢ 23 ᠤᠳᠠᠭ᠎ᠠ ᠰᠢᠮᠳᠠᠭᠤᠯᠤᠨ ᠪᠠᠶᠢᠴᠠᠭᠠᠵᠤ᠂ ᠰᠦᠯᠵᠢᠶᠡᠨ ᠳᠡᠭᠡᠷ᠎ᠡ 156 ᠤᠳᠠᠭ᠎ᠠ ᠰᠢᠮᠳᠠᠭᠤᠯᠤᠨ ᠪᠠᠶᠢᠴᠠᠭᠠᠨ᠂ ᠲᠤᠬᠠᠶ ᠶᠢᠨ ᠲᠠᠯᠠᠪᠤᠷ ᠪᠠ ᠰᠦᠯᠵᠢᠶᠡᠨ ᠳᠡᠭᠡᠷ᠎ᠡ ᠰᠢᠮᠳᠠᠭᠤᠯᠤᠨ ᠪᠠᠶᠢᠴᠠᠭᠠᠬᠤ ᠮᠡᠳᠡᠭᠳᠡᠯ ᠢ 17 ᠬᠤᠭᠤᠴᠠᠭ᠎ᠠ ᠳᠠᠷᠤᠮᠠᠯᠯᠠᠨ ᠲᠠᠷᠬᠠᠭᠠᠵᠤ᠂ 51 ᠠᠰᠠᠭᠤᠳᠠᠯ ᠢ ᠢᠯᠡᠷᠡᠭᠦᠯᠵᠦ᠂ ᠣᠲᠣ ᠨᠢᠭᠡᠨᠲᠡ ᠴᠡᠭᠴᠡᠯᠡᠨ ᠥᠭᠡᠷᠡᠴᠢᠯᠡᠵᠦ ᠳᠠᠭᠤᠰᠬᠠᠭᠠᠳ᠂ ᠴᠠᠭᠳᠠᠭᠠᠨ ᠤ ᠳᠦᠷᠢ ᠲᠥᠷᠬᠦ ᠬᠡᠪ ᠰᠤᠷᠲᠠᠯ ᠢ ᠲᠥᠪ ᠪᠣᠯᠭᠠᠵᠤ᠂ ᠴᠠᠭᠳᠠᠭᠠᠨ ᠤ ᠰᠤᠷᠲᠠᠯ ᠢ ᠪᠣᠶ ᠪᠣᠯᠭᠠᠵᠤ᠂ ᠴᠠᠭᠳᠠᠭᠠᠨ ᠤ ᠰᠠᠬᠢᠯᠭ᠎ᠠ ᠪᠠᠲᠤ ᠶᠢ ᠴᠢᠩᠳᠠᠯᠠᠪᠠ᠃     ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠳᠤ ︽ᠥᠷᠭᠡᠴᠡ ᠲᠠᠢ︾ ᠪᠣᠯᠭᠠᠪᠠ᠃ ᠬᠡᠪ ᠴᠢᠨᠠᠷ ᠢ ᠳᠡᠭᠡᠭᠰᠢᠯᠡᠭᠦᠯᠬᠦ ᠳᠤ ᠬᠦᠴᠦ ᠲᠠᠯᠪᠢᠪᠠ᠃ ᠲᠤᠪᠴᠢᠶ᠎ᠠ ᠶᠢᠨ ᠨᠠᠮ ᠤᠨ ᠬᠤᠷᠢᠶ᠎ᠠ ᠤᠯᠤᠰ ᠲᠦᠷᠦ ᠪᠠᠷ ᠴᠠᠭᠳᠠᠭ᠎ᠠ ᠶᠢ ᠪᠠᠶᠢᠭᠤᠯᠬᠤ᠂ ᠬᠡᠪ ᠴᠢᠨᠠᠷ ᠢᠶᠠᠷ ᠴᠠᠭᠳᠠᠭ᠎ᠠ ᠶᠢ ᠴᠢᠩᠭᠠᠳᠬᠠᠬᠤ ᠠᠴᠠ ᠭᠠᠷᠳᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠡᠷᠡᠭᠴᠡᠭᠡ ᠪᠠᠷ ᠤᠳᠤᠷᠢᠳᠤᠮᠵᠢ ᠪᠣᠯᠭᠠᠨ ᠳᠤᠲᠠᠭᠤᠳᠠᠯ ᠢ ᠨᠥᠬᠦᠪᠥᠷᠢᠯᠡᠬᠦ ᠶᠢ ᠪᠠᠷᠢᠮᠲᠠᠯᠠᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠢᠦ᠋ᠢᠯᠢᠨ ᠬᠤᠳᠠ᠂ ᠱᠧᠨᠮᠦ ᠬᠤᠳᠠ ᠳᠤ ᠰᠢᠨᠵᠢᠯᠡᠨ ᠪᠠᠶᠢᠴᠠᠭᠠᠵᠤ ᠰᠣᠯᠢᠯᠴᠠᠭᠤᠯᠵᠤ᠂ ᠢᠦ᠋ᠢᠯᠢᠨ ᠪᠠ ᠱᠧᠨᠮᠦ ᠬᠤᠳᠠ ᠳᠤ ᠰᠢᠨᠵᠢᠯᠡᠨ ᠪᠠᠶᠢᠴᠠᠭᠠᠭᠰᠠᠨ ᠲᠤᠷᠰᠢᠯᠭ᠎ᠠ ᠪᠠᠷ ᠲᠤᠯᠢ ᠪᠣᠯᠭᠠᠨ ᠦᠦᠰᠢᠨ ᠬᠤᠰᠢᠭᠤᠨ ᠤ ᠠᠷᠢᠬᠢ ᠰᠡᠷᠡᠭᠡᠬᠦ ᠲᠥᠪ ᠢ ᠤᠷᠢᠳᠴᠢᠯᠠᠨ ᠪᠠᠶᠢᠭᠤᠯᠵᠤ᠂ ᠦᠦᠰᠢᠨ ᠤ ︽ᠵᠢᠷᠤᠮ ᠤᠨ ᠴᠠᠭᠳᠠᠭ᠎ᠠ︾ ᠶᠢᠨ ᠤᠯᠠᠨ ᠲᠦᠮᠡᠨ ᠤ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠪᠠ︔ ᠡᠭᠦᠨ ᠤ ᠬᠠᠮᠲᠤ᠂ ᠤᠯᠤᠰ ᠲᠥᠷᠥ ᠶᠢᠨ ᠣᠨᠣᠯ ᠤᠨ ᠪᠣᠯᠪᠠᠰᠤᠷᠠᠯ ᠢ 3 ᠬᠤᠭᠤᠴᠠᠭ᠎ᠠ᠂ ᠴᠠᠭᠳᠠᠭᠠᠨ ᠤ ᠶᠠᠪᠤᠳᠠᠯ ᠤᠨ ᠪᠣᠳᠠᠲᠤ ᠲᠡᠶᠢᠨ ᠤ ᠪᠣᠯᠪᠠᠰᠤᠷᠠᠯ ᠢ 1 ᠬᠤᠭᠤᠴᠠᠭ᠎ᠠ᠂ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ 1 ᠬᠤᠭᠤᠴᠠᠭ᠎ᠠ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠪᠣᠯᠪᠠᠰᠤᠷᠠᠯ ᠢ 2 ᠬᠤᠭᠤᠴᠠᠭ᠎ᠠ᠂ ᠬᠠᠪᠤᠷ ᠤᠨ ᠤᠯᠠᠷᠢᠯ ᠤᠨ ᠴᠡᠷᠢᠭ ᠤᠨ ᠶᠡᠭᠡ ᠪᠣᠯᠪᠠᠰᠤᠷᠠᠯ ᠤᠨ ᠠᠵᠢᠯᠯᠠᠭ᠎ᠠ ᠶᠢ 1 ᠬᠤᠭᠤᠴᠠᠭ᠎ᠠ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ᠂ ᠲᠤᠰᠬᠠᠶᠢᠵᠢᠯᠲᠠ ᠶᠢ ᠲᠠᠰᠤᠷᠠᠯᠲᠠ ᠥᠬᠡᠶ ᠠᠬᠢᠭᠤᠯᠵᠤ᠂ ᠴᠢᠳᠠᠪᠤᠷᠢ ᠪᠠ ᠬᠡᠪ ᠴᠢᠨᠠᠷ ᠤᠨ ᠪᠥᠬᠦ ᠲᠠᠯ᠎ᠠ ᠪᠠᠷ ᠰᠢᠯᠭᠠᠷᠠᠬᠤ ᠶᠢ ᠪᠡᠶᠡᠯᠡᠭᠦᠯᠪᠡ᠃ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢᠨ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ᠃ ᠲᠤᠰᠬᠠᠶ ᠠᠵᠢᠯᠯᠠᠭ᠎ᠠ ᠶᠢᠨ ᠦᠳᠭᠡᠨ ᠵᠤᠵᠠᠭᠠᠨ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠣᠲᠣᠭᠠᠳᠤ ᠶᠢᠨ ᠰᠦᠯᠵᠢᠶᠡᠨ ᠤ ᠲᠠᠪᠴᠠᠩ ᠪᠠ ︽ᠦᠦᠰᠢᠨ ᠤ ᠳᠣᠲᠣᠭᠠᠳᠤ ᠶᠢ ᠬᠠᠮᠠᠭᠠᠯᠠᠬᠤ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠲᠤᠰᠬᠠᠶ ᠠᠵᠢᠯᠯᠠᠭ᠎ᠠ ᠶᠢᠨ ᠲᠤᠰᠬᠠᠶ ᠪᠤᠯᠤᠩ ᠭᠠᠷᠭᠠᠵᠤ᠂ ᠡᠯ᠎ᠡ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠬᠥᠳᠡᠯᠦᠯ ᠪᠠᠶᠢᠳᠠᠯ ᠢ ᠴᠠᠭ ᠲᠤᠬᠠᠶ ᠳᠤ ᠨᠢ ᠨᠡᠶᠢᠲᠡᠯᠡᠵᠦ᠂ ᠳᠣᠲᠣᠭᠠᠳᠤ ᠭᠠᠳᠠᠭᠠᠳᠤ ᠶᠢᠨ ᠰᠦᠯᠵᠢᠶ᠎ᠡ ᠶᠢ ᠠᠳᠠᠯᠢ ᠳᠠᠪᠲᠠᠮᠵᠢ ᠪᠠᠷ ᠳᠠᠷᠪᠢᠯᠲᠠ ᠶᠢ ᠪᠣᠶ ᠪᠣᠯᠭᠠᠵᠤ᠂ ᠲᠤᠰᠬᠠᠶ ᠠᠵᠢᠯᠯᠠᠭ᠎ᠠ ᠶᠢᠨ ᠦᠷ᠎ᠡ ᠪᠦᠲᠦᠮᠵᠢ ᠣᠯᠵᠤ᠂ ᠬᠢᠯᠠᠰ ᠴᠡᠭ ᠭᠠᠷᠭᠠᠬᠤ ᠶᠢ ᠦᠨᠡᠨ ᠬᠦ ᠪᠠᠲᠤᠯᠠᠪᠠ᠃ ᠣᠳᠣᠬᠠᠨ ᠪᠣᠯᠲᠠᠯ᠎ᠠ᠂ ᠳᠣᠲᠣᠭᠠᠳᠤ ᠰᠦᠯᠵᠢᠶ᠎ᠡ ᠳᠤ ᠬᠥᠳᠡᠯᠦᠩᠭᠦᠶ ᠮᠡᠳᠡᠭᠡ ᠵᠠᠩᠭᠢ 160 ᠬᠤᠪᠢ ᠨᠡᠶᠢᠲᠡᠯᠡᠵᠦ᠂ ᠸᠢᠴᠠᠲ ᠤᠨ ᠨᠡᠶᠢᠲᠡ ᠶᠢᠨ ᠳ᠋ᠤᠭᠠᠷ ᠲᠤ 62 ᠬᠤᠪᠢ ᠨᠡᠶᠢᠲᠡᠯᠡᠵᠦ᠂ ᠡᠯ᠎ᠡ ᠱᠠᠲᠤᠨ ᠤ ᠡᠯ᠎ᠡ ᠲᠥᠷᠥᠯ ᠤᠨ ᠵᠠᠭᠤᠴᠢᠯᠠᠭᠤᠷ ᠲᠤ 33 ᠬᠤᠪᠢ ︵ᠡᠭᠦᠨ ᠳᠤ ᠤᠯᠤᠰ ᠤᠨ ᠲᠠᠰ ᠤᠨ ᠭᠤᠤᠯ ᠵᠠᠭᠤᠴᠢᠯᠠᠭᠤᠷ ᠲᠤ 11 ᠬᠤᠪᠢ ᠡᠬᠡ ᠪᠢᠴᠢᠭ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠳᠤ 22 ᠬᠤᠪᠢ ᠡᠬᠡ ᠪᠢᠴᠢᠭ︶ ᠨᠡᠶᠢᠲᠡᠯᠡᠵᠦ᠂ ᠦᠦᠰᠢᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠬᠠᠶ ᠠᠵᠢᠯᠯᠠᠭ᠎ᠠ ᠶᠢᠨ ᠳᠤᠮᠳᠠᠬᠢ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠭᠰᠠᠨ ᠪᠣᠳᠠᠲᠤ ᠪᠦᠲᠦᠮᠵᠢ ᠪᠠ ᠪᠣᠳᠠᠲᠤ ᠦᠷ᠎ᠡ ᠪᠦᠲᠦᠮᠵᠢ ᠶᠢ ᠦᠷᠭᠦᠯᠵᠢᠯᠡᠨ ᠮᠡᠳᠡᠭᠡᠯᠡᠪᠡ᠃ ᠠᠷᠠᠳ ᠲᠦᠮᠡᠨ ᠳᠤ ᠦᠢᠯᠡᠴᠢᠯᠡᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ︽ᠦᠢᠯᠡᠴᠢᠯᠡᠭᠡᠨ ᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠵᠤ ᠦᠢᠯᠡᠰ ᠤᠨ ᠬᠥᠭᠵᠢᠯᠲᠡ ᠶᠢ ᠬᠠᠮᠠᠭᠠᠯᠠᠬᠤ ︿ᠠᠷᠪᠠᠨ ᠵᠦᠢᠯ ᠤᠨ ᠠᠮᠠᠯᠠᠯᠲᠠ﹀︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠦ ᠹᠧᠩ ᠤᠨ ᠴᠠᠭᠳᠠᠭᠠᠨ ᠤ ᠶᠠᠪᠤᠳᠠᠯ ᠤᠨ ᠲᠠᠰᠤᠭ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠢᠨ᠎ᠡ ᠪᠠᠷ ᠡᠭᠦᠳᠬᠦ ᠪᠠ ᠬᠥᠭᠵᠢᠭᠦᠯᠵᠦ᠂ ︽ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ 8 ᠡᠶᠡᠳᠡᠭᠦᠯᠬᠦ ᠲᠠᠰᠤᠭ ᠢ ᠪᠣᠳᠠᠲᠠᠢ ᠠᠵᠢᠯᠯᠠᠭᠤᠯᠵᠤ᠂ ᠡᠨᠡ ᠵᠢᠯ ᠠᠴᠠ ᠨᠠᠭᠠᠰᠢ᠂ ᠡᠯ᠎ᠡ ᠲᠦᠷᠦᠯ ᠤᠨ ᠵᠥᠷᠢᠴᠡᠯ ᠵᠠᠭᠤᠷᠠᠯᠳᠤᠭᠠᠨ ᠢ ᠨᠡᠶᠢᠳᠡ 127 ᠤᠳᠠᠭ᠎ᠠ ᠪᠠᠶᠢᠴᠠᠭᠠᠨ ᠰᠢᠢᠳᠪᠦᠷᠢᠯᠡᠪᠡ᠃ ᠡᠭᠦᠨ ᠤ ᠬᠠᠮᠲᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ ᠵᠡᠷᠭᠡ ᠭᠤᠤᠯᠳᠠᠯᠭ᠎ᠠ ᠲᠠᠢ ᠠᠵᠢᠯ ᠢ ᠦᠷᠭᠦᠯᠵᠢᠯᠡᠨ ᠠᠬᠢᠭᠤᠯᠵᠤ᠂ ᠠᠮᠢᠨ ᠬᠡᠷᠡᠭ ᠵᠡᠷᠭᠡ ᠬᠦᠴᠦᠷᠬᠡᠭᠯᠡᠯ ᠤᠨ ᠴᠢᠨᠠᠷᠲᠠᠶ ᠬᠡᠷᠡᠭ ᠢ ︽ᠨᠢᠭᠡ ᠴᠦ ᠡᠭᠦᠰᠭᠡᠬᠦ ᠥᠬᠡᠶ︾᠂ ᠡᠷᠡᠭᠦᠤ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠤᠨ ᠬᠡᠷᠡᠭ ᠭᠠᠷᠤᠭᠰᠠᠨ ᠲᠤᠭ᠎ᠠ ᠵᠡᠷᠭᠡ ᠪᠠᠷ ᠪᠠᠭᠤᠷᠠᠪᠠ᠃ ᠡᠨᠡ ᠵᠢᠯ ᠠᠴᠠ ᠨᠠᠭᠠᠰᠢ᠂ ᠡᠯ᠎ᠡ ᠲᠥᠷᠥᠯ ᠤᠨ ᠡᠷᠡᠭᠦᠤ ᠶᠢᠨ ᠬᠡᠷᠡᠭ ᠢ ᠨᠡᠶᠢᠲᠡ 53 ᠳᠠᠩᠰᠠᠯᠠᠵᠤ᠂ 41 ᠡᠷᠡᠭᠦᠤ ᠶᠢᠨ ᠬᠡᠷᠡᠭ ᠢ ᠢᠯᠡᠷᠡᠭᠦᠯᠵᠦ᠂ ᠬᠡᠷᠡᠭ ᠢᠯᠡᠷᠡᠭᠦᠯᠦᠭᠰᠡᠨ ᠨᠣᠷᠮ᠎ᠠ ᠨᠢ 67.9% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 17.9% ᠪᠠᠷ ᠳᠡᠭᠡᠭᠰᠢᠯᠡᠵᠦ᠂ ᠨᠡᠶᠢᠲᠡ 106 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠪᠠ᠃ 151 ᠠᠮᠤᠷ ᠲᠦᠪᠰᠢᠨ ᠤ ᠬᠡᠷᠡᠭ ᠢ ᠬᠦᠯᠢᠶᠠᠨ ᠠᠪᠴᠤ ᠰᠢᠢᠳᠪᠦᠷᠢᠯᠡᠨ᠂ 151 ᠬᠡᠷᠡᠭ ᠢ ᠰᠢᠢᠳᠪᠦᠷᠢᠯᠡᠨ ᠳᠠᠭᠤᠰᠬᠠᠵᠤ᠂ ᠠᠳᠠᠯᠢ ᠬᠤᠭᠤᠴᠠᠭᠠᠨ ᠤ ᠬᠢ ᠠᠴᠠ 25% ᠪᠠᠷ ᠳᠣᠷᠣᠭᠰᠢᠯᠠᠵᠤ᠂ ᠬᠠᠤᠯᠢ ᠶᠢ ᠵᠥᠷᠢᠴᠡᠭᠰᠡᠨ 90 ᠬᠥᠮᠦᠨ᠂ 8 ᠠᠵᠤ ᠠᠬᠤᠶᠢᠯᠠᠯ ᠢ ᠪᠠᠶᠢᠴᠠᠭᠠᠨ ᠰᠢᠢᠳᠪᠦᠷᠢᠯᠡᠵᠦ᠂ ᠠᠷᠠᠳ ᠤᠯᠠᠨ ᠤ ᠠᠮᠤᠷ ᠲᠦᠪᠰᠢᠨ ᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠵᠡᠷᠭᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠪᠡ᠃ ︵ᠡᠬᠡ ᠪᠢᠴᠢᠭ ᠬᠠᠩᠭᠠᠭᠰᠠᠨ ᠨᠢ᠄ ᠳ᠋ᠤᠸᠠᠨ ᠰᠢᠶᠤᠤ ᠯᠢᠩ᠂ ᠰᠠᠴᠤᠷᠠᠯ︶ 
ᠢᠷᠡᠯᠲᠡ᠄ ᠣᠷᠳᠤᠰ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ