ᠴᠠᠭᠳᠠᠭ᠎ᠠ ᠶᠢᠨ ᠠᠵᠢᠯ ᠤᠨ ᠪᠠᠶᠢᠷᠢ ᠳᠠᠬᠢ ᠦᠩᠭᠡ ᠭᠡᠷᠡᠯᠲᠤ 38 ᠵᠢᠯ︱ ᠠᠵᠢᠯ ᠠᠴᠠ ᠪᠠᠨ ᠠᠮᠠᠷᠠᠭᠰᠠᠨ ᠸᠠᠩ ᠯᠢᠶᠠᠨ ᠪᠥᠸᠧ ᠨᠥᠬᠦᠷ ᠢ ᠦᠳᠡᠨ ᠮᠣᠷᠳᠠᠭᠤᠯᠬᠤ ᠶᠠᠰᠤᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/5/16
      1985 ᠣᠨ ᠠᠴᠠ 2023 ᠣᠨ ᠪᠣᠯᠲᠠᠯ᠎ᠠ᠂ 38 ᠵᠢᠯ ᠤᠨ ᠴᠠᠭᠳᠠᠭᠠᠨ ᠠᠵᠢᠯ ᠤᠨ ᠪᠠᠶᠢᠷᠢᠨ ᠳᠤ᠂ 070420 ᠴᠠᠭᠳᠠᠭᠠᠨ ᠨᠤᠮᠧᠷ ᠲᠤ ᠬᠠᠷᠠᠮᠰᠠᠯ ᠦᠭᠡᠢ ᠦᠨᠡᠨᠴᠢ ᠰᠡᠳᠬᠢᠯ ᠢ ᠭᠢᠯᠠᠯᠵᠠᠭᠤᠯᠪᠠ᠃
4E4A8100.JPG
     ᠣᠶᠢᠷ᠎ᠠ ᠳᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡ ᠵᠢᠯᠤᠭᠤᠤᠠᠬᠤ ᠲᠥᠪ ᠤᠨ ᠬᠢᠨ ᠠᠵᠢᠯ ᠠᠴᠠ ᠪᠠᠨ ᠠᠮᠠᠷᠠᠭᠰᠠᠨ ᠺᠠᠳ᠋ᠷ ᠴᠠᠭᠳᠠᠭ᠎ᠠ ᠶᠢ ᠦᠳᠡᠨ ᠮᠣᠷᠳᠠᠭᠤᠯᠬᠤ ᠶᠠᠰᠤᠯᠠᠯ ᠶᠠᠪᠤᠭᠳᠠᠭᠤᠯᠵᠦ᠂ ᠸᠠᠩ ᠯᠢᠶᠠᠨ ᠪᠥᠸᠧ ᠨᠥᠬᠦᠷ ᠢ ᠢᠷᠠᠭᠤ ᠠᠯᠳᠠᠷᠲᠠᠢ ᠪᠠᠷ ᠠᠵᠢᠯ ᠠᠴᠠ ᠪᠠᠨ ᠪᠠᠭᠤᠵᠤ ᠠᠮᠠᠷᠠᠭᠰᠠᠨ ᠳᠤ ᠬᠠᠯᠠᠭᠤᠨ ᠢᠶᠠᠷ ᠦᠳᠡᠨ ᠮᠣᠷᠳᠠᠭᠤᠯᠵᠤ᠂  ᠴᠢᠮᠡᠭᠡ ᠮᠡᠳᠡᠭᠡ ᠵᠢᠯᠤᠭᠤᠤᠠᠬᠤ ᠲᠥᠪ ᠤᠨ ᠪᠦᠬᠦ ᠺᠠᠲᠠᠷ ᠴᠠᠭᠳᠠᠭ᠎ᠠ  ᠶᠠᠰᠤᠯᠠᠯ ᠳᠤ ᠣᠷᠣᠯᠴᠠᠪᠠ᠃     1985 ᠣᠨ ᠳᠤ ᠴᠡᠷᠢᠭ ᠠᠴᠠ ᠬᠠᠯᠠᠭᠳᠠᠵᠤ᠂ ᠴᠡᠷᠢᠭ ᠤᠨ ᠬᠤᠪᠴᠠᠰᠤ ᠪᠠᠨ ᠴᠠᠭᠳᠠᠭ᠎ᠠ ᠶᠢᠨ ᠬᠤᠪᠴᠠᠰᠤ ᠪᠠᠷ ᠰᠣᠯᠢᠵᠤ᠂ ᠸᠠᠩ ᠯᠢᠶᠠᠨ ᠪᠥᠸᠧ ᠨᠥᠬᠦᠷ ᠴᠡᠷᠢᠭ ᠠᠩᠭᠢ ᠳᠤ ᠠᠯᠪᠠ ᠬᠠᠭᠠᠵᠤ ᠪᠠᠶᠢᠭᠰᠠᠨ ᠴᠤ ᠲᠡᠷᠡ᠂ ᠴᠡᠷᠢᠭ ᠠᠴᠠ ᠬᠠᠯᠠᠭᠳᠠᠵᠤ ᠣᠷᠣᠨ ᠨᠤᠲᠤᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠣᠴᠢᠭᠰᠠᠨ ᠴᠤ ᠲᠡᠷᠡ᠂ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠳᠡᠭ ᠬᠡᠪ ᠳᠠᠭᠤᠷᠢᠶᠠᠯ ᠮᠥᠨ᠂  ᠬᠡᠷᠡᠭ ᠤᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ 110 ᠦᠢᠯᠡᠴᠢᠯᠡᠭᠡᠨ ᠤ ᠲᠠᠪᠴᠠᠩ ᠳᠤ ᠠᠵᠢᠯᠯᠠᠭᠰᠠᠨ ᠠᠴᠠ ᠨᠠᠭᠠᠰᠢ᠂ ᠲᠡᠷᠡ ᠦᠭᠡ ᠳᠠᠭᠤᠨ ᠦᠭᠡᠢ ᠪᠠᠷ ᠠᠵᠢᠯ ᠤᠨ ᠪᠠᠶᠢᠷᠢ  ᠪᠠᠨ ᠪᠠᠲᠤ ᠰᠠᠬᠢᠵᠤ᠂ ᠠᠵᠢᠯᠴᠢ ᠬᠢᠴᠢᠶᠡᠩᠭᠦᠢ ᠪᠠᠷ ᠬᠤᠪᠢ ᠨᠡᠮᠡᠷᠢ ᠦᠵᠡᠭᠦᠯᠵᠦ᠂ ︽ᠠᠵᠢᠯ ᠤᠨ ᠪᠠᠶᠢᠷᠢ ᠳᠤ ᠪᠠᠨ ᠨᠢᠭᠡ ᠮᠢᠨᠦ᠋ᠲ ᠪᠠᠶᠢᠪᠠᠯ᠂ ᠡᠭᠦᠷᠭᠡ ᠬᠠᠷᠢᠭᠤᠴᠠᠯᠭ᠎ᠠ ᠪᠠᠨ ᠵᠢᠷᠠᠨ ᠰᠧᠺᠦ᠋ᠨ᠋ᠳ᠋ ᠢᠶᠠᠷ ᠭᠦᠢᠴᠡᠳᠬᠡᠬᠦ︾ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠬᠡᠵᠢᠶᠡᠳᠡ ᠲᠦᠭᠰᠢᠭᠦᠷᠢ ᠶᠢᠨ ᠪᠠᠶᠢᠳᠠᠯ ᠪᠦᠬᠦᠨ ᠢ ᠴᠠᠭ ᠲᠤᠬᠠᠢ ᠳᠤ ᠨᠢ ᠪᠦᠲᠦᠮᠵᠢᠲᠡᠢ ᠰᠢᠢᠳᠪᠦᠷᠢᠯᠡᠵᠦ᠂ ᠬᠡᠷᠡᠭ ᠪᠦᠬᠦᠨ ᠢ ᠵᠢᠯᠣᠭᠤᠳᠤᠨ ᠲᠣᠬᠢᠷᠠᠭᠤᠯᠵᠤ ᠪᠠᠶᠢᠪᠠ᠃ ᠬᠡᠷᠡᠭ ᠮᠡᠳᠡᠭᠦᠯᠬᠦ ᠤᠲᠠᠰᠤ ᠨᠢᠭᠡᠪᠦᠷᠢ ᠳᠤ ᠬᠢᠨᠠᠮᠠᠭᠠᠢ ᠬᠠᠨᠳᠤᠬᠤ ᠨᠢ ᠳᠠᠷᠤᠢ ᠣᠯᠠᠨ ᠲᠦᠮᠡᠨ ᠤ ᠡᠳ᠋ ᠬᠥᠷᠥᠩᠭᠡ ᠶᠢᠨ ᠬᠤᠬᠢᠷᠠᠯ᠂ ᠴᠢᠨᠠᠭᠰᠢᠯᠠᠪᠠᠯ ᠡᠷᠬᠢᠮ ᠨᠠᠨᠳᠢᠨ ᠠᠮᠢ ᠨᠠᠰᠤ ᠶᠢ ᠠᠪᠤᠷᠠᠬᠤ  ᠶᠢᠨ ᠲᠥᠯᠥᠭᠡ ᠶᠤᠮ᠂ ᠡᠨᠡ ᠪᠣᠯ ᠨᠢᠭᠡ ᠵᠦᠢᠯ ᠤᠨ ᠢᠲᠡᠭᠡᠯ᠂ ᠨᠡᠩ ᠴᠤ ᠨᠢᠭᠡ ᠵᠦᠢᠯ ᠤᠨ ᠬᠦᠴᠦᠨ ᠮᠥᠨ ᠭᠡᠳᠡᠭ ᠢ ᠲᠡᠷᠡ ᠰᠠᠶᠢᠨ ᠮᠡᠳᠡᠵᠦ ᠪᠠᠶᠢᠨ᠎ᠠ᠃ ᠲᠡᠷᠡ ᠠᠵᠢᠯ ᠠᠴᠠ ᠪᠠᠨ ᠠᠮᠠᠷᠠᠬᠤ ᠠᠴᠠ ᠡᠮᠦᠨ᠎ᠡ ᠮᠥᠨ ᠯᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠡᠷᠡᠭ ᠤᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠡᠮᠦᠨ᠎ᠡ ᠹᠷᠣᠨᠲ ᠲᠤ ᠴᠢᠷᠮᠠᠶᠢᠨ ᠠᠵᠢᠯᠯᠠᠵᠤ᠂ ᠢᠮᠠᠭᠲᠠ ᠥᠪᠡᠷ ᠤᠨ ᠵᠠᠯᠠᠭᠤ ᠨᠠᠰᠤᠨ ᠤ ᠪᠠᠨ ᠭᠡᠮᠰᠢᠯ ᠦᠭᠡᠢ ᠪᠠᠷ 110 ᠡᠨᠡ ᠬᠦ ᠴᠠᠭᠳᠠᠭ᠎ᠠ ᠠᠷᠠᠳ ᠤᠨ ︽ᠰᠡᠳᠬᠢᠯ ᠢᠶᠠᠨ ᠬᠤᠯᠪᠣᠭᠰᠠᠨ ᠬᠥᠭᠦᠷᠭᠡ︾ ᠶᠢ ᠪᠠᠲᠤ ᠰᠠᠬᠢᠵᠤ᠂ ᠪᠦᠬᠦ ᠬᠤᠳᠠ ᠶᠢᠨ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢ ᠦᠷᠭᠦᠯᠵᠢᠯᠡᠨ ᠲᠣᠭᠲᠠᠭᠤᠨ ᠪᠠᠶᠢᠯᠭᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠵᠠᠢ᠃ ︽ᠴᠡᠷᠢᠭ ᠠᠴᠠ ᠬᠠᠯᠠᠭᠳᠠᠪᠠᠴᠤ ᠵᠣᠷᠢᠭ ᠢᠶᠠᠨ ᠬᠤᠪᠢᠷᠠᠭᠤᠯᠬᠤ ᠦᠭᠡᠢ᠂ ᠴᠡᠷᠢᠭ ᠠᠴᠠ ᠬᠠᠯᠠᠭᠳᠠᠪᠠᠴᠤ ᠥᠩᠭᠡ ᠪᠠᠨ ᠠᠯᠳᠠᠬᠤ ᠦᠭᠡᠢ︾ ᠪᠣᠯ ᠸᠠᠩ ᠯᠢᠶᠠᠨ ᠪᠥᠸᠧ ᠨᠥᠬᠦᠷ ᠢ ᠬᠠᠮᠤᠭ ᠤᠨ ᠰᠠᠶᠢᠨ ᠰᠠᠶᠢᠰᠢᠶᠠᠨ ᠬᠥᠬᠢᠭᠦᠯᠵᠦ ᠪᠠᠶᠢᠭ᠎ᠠ ᠦᠭᠡ ᠪᠣᠯᠣᠨ᠎ᠠ᠃
4E4A8024.JPG
     ᠦᠳᠡᠨ ᠮᠣᠷᠳᠠᠭᠤᠯᠬᠤ ᠬᠤᠷᠠᠯ ᠳᠡᠭᠡᠷ᠎ᠡ ᠡᠩ ᠲᠡᠷᠢᠭᠦᠨ ᠳᠤ ᠴᠢᠮᠡᠭᠡ ᠮᠡᠳᠡᠭᠡ ᠵᠢᠯᠤᠭᠤᠤᠠᠬᠤ ᠲᠥᠪ ᠤᠨ ᠡᠷᠬᠢᠯᠡᠭᠴᠢ ᠰᠢᠶᠧ ᠵᠧᠨ ᠬᠤᠸᠠ  ᠠᠴᠠ ᠨᠠᠮ ᠤᠨ ᠡᠭᠦᠷ ᠪᠣᠯᠣᠨ ᠰᠠᠯᠠᠭ᠎ᠠ ᠮᠥᠴᠢᠷ ᠤᠨ ᠪᠦᠬᠦ ᠺᠠᠲᠠᠷ ᠴᠠᠭᠳᠠᠭ᠎ᠠ ᠶᠢ ᠲᠦᠯᠦᠬᠡᠯᠡᠵᠦ ᠪᠠᠶᠠᠷ ᠤᠨ ᠦᠭᠡ ᠬᠡᠯᠡᠪᠡ᠃ ᠲᠡᠷᠡ᠂ ᠸᠠᠩ ᠯᠢᠶᠠᠨ ᠪᠥᠸᠧ ᠨᠥᠬᠦᠷ ᠴᠠᠭᠳᠠᠭ᠎ᠠ  ᠶᠢᠨ ᠠᠵᠢᠯ ᠳᠤ ᠭᠠᠷᠤᠭᠠᠳ ᠭᠤᠴᠢ ᠭᠠᠷᠤᠢ ᠵᠢᠯ ᠳᠤ᠂ ᠥᠪᠡᠷ ᠤᠨ ᠬᠠᠮᠤᠭ ᠤᠨ ᠰᠠᠶᠢᠨ ᠵᠠᠯᠠᠭᠤ ᠨᠠᠰᠤ ᠪᠠᠨ ᠳᠣᠲᠣᠭᠠᠳᠤ ᠶᠢ ᠬᠠᠮᠠᠭᠠᠯᠠᠬᠤ ᠦᠢᠯᠡᠰ ᠲᠤ ᠡᠷᠭᠦᠵᠦ᠂ ᠣᠶᠤᠨ ᠤᠬᠠᠭᠠᠨ ᠪᠠ ᠬᠦᠴᠦ ᠬᠥᠯᠥᠰᠦ ᠪᠠᠷ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢᠨ ᠰᠠᠭᠤᠷᠢ  ᠶᠢ ᠴᠣᠭᠴᠠᠯᠠᠵᠤ᠂ ᠠᠵᠢᠯᠯᠠᠭ᠎ᠠ ᠪᠠ ᠴᠢᠷᠮᠠᠶᠢᠯᠭ᠎ᠠ ᠪᠠᠷ ᠢᠶᠠᠨ ︽ᠠᠷᠠᠳ ᠤᠨ ᠳᠣᠲᠣᠭᠠᠳᠤ ᠶᠢ ᠬᠠᠮᠠᠭᠠᠯᠠᠭᠴᠢ ᠠᠷᠠᠳ ᠲᠦᠮᠡᠨ ᠤ ᠲᠥᠯᠥᠭᠡ︾ ᠭᠡᠬᠦ ᠠᠷᠢᠭᠤᠨ ᠳᠠᠷᠬᠠᠨ ᠡᠭᠦᠷᠭᠡ ᠶᠢ ᠲᠠᠶᠢᠯᠪᠤᠷᠢᠯᠠᠵᠤ᠂ ᠪᠢᠳᠡᠨ ᠳᠤ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠶᠢ ᠦᠯᠡᠳᠡᠭᠡᠭᠰᠡᠨ ᠪᠠᠶᠢᠨ᠎ᠠ᠃ ᠢᠯᠠᠩᠭᠤᠶ᠎ᠠ ᠵᠠᠯᠠᠭᠤ ᠺᠠᠳ᠋ᠷ ᠴᠠᠭᠳᠠᠭ᠎ᠠ ᠨᠠᠷ ᠠᠬᠠᠮᠠᠳ ᠦᠶ᠎ᠡ ᠶᠢᠨ ᠬᠢᠨ ᠤ ᠰᠢᠯᠢᠳᠡᠭ ᠰᠤᠷᠲᠠᠯ ᠢ ᠰᠠᠶᠢᠲᠤᠷ ᠤᠯᠠᠮᠵᠢᠯᠠᠵᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠢᠶᠠᠷ ᠳᠠᠭᠤᠷᠢᠶᠠᠯ ᠪᠣᠯᠭᠠᠵᠤ᠂ ᠲᠡᠳᠡᠨ ᠤ ᠰᠠᠶᠢᠨ ᠰᠤᠷᠲᠠᠯ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠳᠠᠷᠤᠤ ᠬᠢᠴᠢᠶᠡᠩᠭᠦᠢ ᠪᠠᠷ ᠰᠤᠷᠤᠯᠴᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠣᠳᠠᠲᠠᠢ ᠠᠵᠢᠯᠯᠠᠬᠤ ᠳᠤᠮᠳᠠ ᠴᠢᠳᠠᠪᠤᠷᠢ ᠪᠠᠨ ᠳᠡᠭᠡᠭᠰᠢᠯᠡᠭᠦᠯᠵᠦ᠂ ᠲᠡᠮᠡᠴᠡᠬᠦ ᠳᠤᠮᠳᠠ ᠦᠷᠳᠡᠭ ᠢᠶᠠᠨ ᠢᠯᠡᠷᠡᠭᠦᠯᠬᠦ ᠶᠢ ᠴᠢᠬᠤᠯᠴᠢᠯᠡᠵᠦ᠂ ᠡᠭᠦᠨ ᠤ ᠬᠠᠮᠲᠤ ᠸᠠᠩ ᠯᠢᠶᠠᠨ ᠪᠥᠸᠧ ᠨᠥᠬᠦᠷ ︽ᠠᠵᠢᠯ ᠤᠨ ᠪᠠᠶᠢᠷᠢ ᠠᠴᠠ ᠪᠠᠨ ᠰᠠᠯᠤᠭᠰᠠᠨ ᠴᠤ ᠨᠠᠮ ᠠᠴᠠ ᠪᠠᠨ ᠰᠠᠯᠬᠤ ᠦᠭᠡᠢ᠂ ᠠᠵᠢᠯ ᠠᠴᠠ ᠪᠠᠨ ᠠᠮᠠᠷᠠᠪᠠᠯ ᠥᠩᠭᠡ ᠪᠠᠨ ᠠᠯᠳᠠᠬᠤ ᠦᠭᠡᠢ︾᠂ ᠢᠮᠠᠭᠲᠠ ᠳᠣᠲᠣᠭᠠᠳᠤ ᠶᠢ ᠬᠠᠮᠠᠭᠠᠯᠠᠬᠤ ᠬᠠᠶᠢᠷ᠎ᠠ ᠰᠡᠳᠬᠢᠯᠭᠡ ᠶᠢ ᠴᠡᠭᠡᠵᠢᠯᠡᠵᠦ᠂ ᠨᠠᠮ ᠤᠨ ᠭᠡᠰᠢᠭᠦᠨ ᠺᠠᠳ᠋ᠷ ᠤᠨ ᠤᠯᠤᠰ ᠲᠦᠷᠦ ᠶᠢᠨ ᠰᠠᠭᠤᠷᠢ ᠪᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠡᠭᠦᠷᠭᠡᠯᠡᠬᠦ ᠤᠭ ᠴᠢᠨᠠᠷ ᠢᠶᠠᠨ ᠡᠭᠦᠷᠢᠳᠡ ᠬᠠᠳᠠᠭᠠᠯᠠᠵᠤ᠂ ᠦᠷᠭᠦᠯᠵᠢ ︽ᠭᠡᠷ︾ ᠲᠤ ᠪᠠᠨ ᠬᠠᠷᠢᠵᠤ ᠦᠵᠡᠵᠦ᠂ ᠦᠷᠭᠦᠯᠵᠢᠯᠡᠨ ᠦᠢᠯᠡᠳᠦᠯ ᠢᠶᠠᠨ ᠪᠠᠳᠠᠷᠠᠭᠤᠯᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠵᠠᠯᠠᠭᠤ  ᠺᠠᠳ᠋ᠷ  ᠴᠠᠭᠳᠠᠭ᠎ᠠ  ᠶᠢᠨ  ᠦᠰᠦᠨ  ᠪᠤᠶᠢᠵᠢᠯᠲᠠ   ᠳᠤ ︽ᠬᠠᠪᠰᠤᠷᠤᠨ ᠵᠢᠯᠣᠭᠤᠳᠤᠭᠴᠢ︾ ᠪᠣᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠥᠭᠵᠢᠯᠲᠡ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠶᠢ ᠬᠦᠰᠡᠭᠰᠡᠨ ᠪᠠᠶᠢᠨ᠎ᠠ ᠭᠡᠪᠡ᠃
4E4A8129.JPG
     ᠦᠳᠡᠨ ᠮᠣᠷᠳᠠᠭᠤᠯᠬᠤ ᠶᠣᠰᠣᠯᠠᠯ ᠳᠡᠭᠡᠷ᠎ᠡ᠂ ᠰᠢᠶᠧ ᠵᠧᠨ ᠬᠤᠸᠠ ᠪᠠᠶᠢᠭᠤᠯᠭ᠎ᠠ ᠶᠢᠨ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠮᠦᠨ᠎ᠡ ᠠᠴᠠ ᠸᠠᠩ ᠯᠢᠶᠠᠨ ᠪᠥᠸᠧ ᠨᠥᠬᠦᠷ ᠲᠤ ᠶᠣᠰᠣᠯᠠᠬᠤ ᠶᠢᠨ ᠬᠠᠮᠲᠤ ᠰᠣᠷᠭᠤᠭ ᠴᠡᠴᠡᠭ ᠪᠣᠯᠤᠨ ᠳᠤᠷᠠᠰᠬᠠᠯ ᠤᠨ ᠫᠠᠶᠢᠰᠠ ᠬᠦᠷᠭᠡᠪᠡ᠃ ᠡᠭᠦᠨ ᠤ ᠳᠠᠷᠠᠭ᠎ᠠ ᠴᠢᠮᠡᠭᠡ ᠮᠡᠳᠡᠭᠡ ᠵᠢᠯᠣᠭᠤᠳᠬᠤ ᠲᠥᠪ ᠤᠨ ᠵᠢᠭᠠᠨ ᠵᠢᠯᠤᠭᠤᠳᠤᠬᠴᠢ ᠶᠠᠩ ᠳ᠋ᠦᠩ ᠱᠧᠩ ᠪᠣᠯᠤᠨ ᠬᠡᠷᠡᠭ ᠤᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ 110 ᠲᠠᠪᠴᠠᠩ ᠤᠨ ᠠᠵᠢᠯᠲᠠᠨ ᠤ ᠲᠥᠯᠥᠭᠡᠯᠡᠭᠴᠢ ᠳᠠᠷᠠᠭᠠᠯᠠᠨ ᠪᠠᠶᠠᠷ ᠤᠨ ᠦᠭᠡ ᠬᠡᠯᠡᠵᠦ᠂ ᠸᠠᠩ ᠯᠢᠶᠠᠨ ᠪᠥᠸᠧ ᠨᠥᠬᠦᠷ ᠠᠴᠠ ᠰᠠᠯᠵᠤ ᠶᠠᠳᠠᠵᠤ ᠪᠠᠶᠢᠬᠤ ᠪᠠᠨ ᠢᠯᠡᠳᠬᠡᠵᠦ᠂ ᠸᠠᠩ ᠯᠢᠶᠠᠨ ᠪᠥᠸᠧ ᠨᠥᠬᠦᠷ ᠢᠶᠠᠷ ᠳᠠᠭᠤᠷᠢᠶᠠᠯ ᠪᠣᠯᠭᠠᠵᠤ᠂ ᠪᠣᠤᠬᠢᠶ᠎ᠠ ᠮᠣᠳᠣ ᠶᠢ ᠰᠠᠶᠢᠲᠤᠷ ᠲᠣᠰᠴᠤ᠂ ᠲᠡᠭᠦᠨ ᠤ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠷᠠᠮ ᠦᠭᠡᠢ ᠵᠢᠳᠬᠦᠬᠦ ᠵᠣᠷᠢᠭ ᠰᠠᠨᠠᠭᠠᠨ ᠤ ᠬᠡᠪ ᠴᠢᠨᠠᠷ ᠢ ᠰᠤᠷᠤᠯᠴᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠰᠦᠭᠡᠢ ᠭᠡᠪᠡ᠃
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ