ᠨᠡᠭᠡᠭᠡᠯᠲᠡ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠪᠠᠶᠢᠴᠠᠭᠠᠬᠤ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/16
      2023 ᠣᠨ ᠤ ᠪᠦᠬᠦ ᠤᠯᠤᠰ ᠤᠨ ᠬᠤᠶᠠᠷ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ᠂ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠶᠢᠨ ᠲᠥᠯᠥᠭᠡ᠂ ︽ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 2023 ᠣᠨ ᠤ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠠᠮᠤᠷ ᠲᠦᠪᠰᠢᠨ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠤᠨ ᠲᠥᠰᠥᠯ︾ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠨᠡᠭᠡᠭᠡᠯᠲᠡ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠴᠠᠭᠳᠠᠭ᠎ᠠ ᠶᠢᠨ ᠬᠦᠴᠦᠨ ᠢ ᠵᠣᠬᠢᠶᠠᠨ ᠪᠠᠶᠢᠭᠤᠯᠵᠤ ᠬᠠᠷᠢᠶ᠎ᠠ ᠲᠣᠭᠤᠷᠢᠭ ᠤᠨ ᠠᠵᠤ ᠠᠬᠤᠶᠢᠯᠠᠯ ᠳᠤ ᠭᠦᠨᠵᠡᠭᠡᠶᠢᠷᠡᠨ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠪᠠᠶᠢᠴᠠᠭᠠᠬᠤ ᠲᠤᠰᠬᠠᠢ ᠠᠵᠢᠯᠯᠠᠭ᠎ᠠ ᠶᠢ ᠦᠷᠨᠢᠬᠦᠯᠪᠡ᠃
微信图片_20230224181257.jpg
微信图片_20230224181321.jpg
     ᠠᠵᠢᠯᠯᠠᠭ᠎ᠠ ᠶᠢᠨ ᠳᠤᠮᠳᠠ᠂ ︽ᠳᠠᠯᠳᠠ ᠬᠡᠮ ᠢ ᠠᠷᠢᠯᠭᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ︾ ᠪᠠᠷ ᠬᠠᠷᠠᠯᠲᠠ ᠪᠣᠯᠭᠠᠵᠤ᠂ ᠢᠯᠠᠩᠭᠤᠶ᠎ᠠ ᠬᠠᠷᠢᠶ᠎ᠠ ᠲᠣᠭᠤᠷᠢᠭ ᠤᠨ ᠳᠣᠲᠣᠷᠠᠬᠢ ᠵᠠᠷᠢᠮ ᠨᠣᠴᠣᠮᠠᠲᠠᠭᠠᠢ ᠳᠡᠯᠪᠡᠷᠡᠮᠡᠲᠡᠭᠡᠢ᠂ ᠬᠤᠣᠷᠲᠤ ᠡᠳ᠋ ᠦᠶᠯᠡᠳᠬᠦ ᠳᠤ ᠬᠢᠯᠪᠠᠷ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ᠂ ᠤᠰᠤ᠂ ᠴᠠᠬᠢᠯᠭᠠᠨ᠂ ᠲᠣᠰᠣ᠂ ᠬᠡᠢ᠂ ᠢᠯᠴᠢ ᠳᠤ ᠬᠤᠯᠪᠣᠭᠳᠠᠬᠤ ᠠᠷᠠᠳ ᠤᠨ ᠠᠮᠢᠳᠤᠷᠠᠯ ᠳᠤ ᠬᠤᠯᠪᠣᠭᠳᠠᠬᠤ ᠠᠵᠤ ᠠᠬᠤᠶᠢᠯᠠᠯ ᠪᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠬᠢᠵᠦ᠂ ᠬᠦᠷᠦᠭᠰᠡᠨ ᠭᠠᠵᠠᠷ ᠪᠣᠯᠭᠠᠨ ᠳᠤ ᠴᠥᠮ ᠡᠭᠦᠳᠡᠨ ᠬᠠᠷᠠᠭᠤᠯ ᠤᠨ ᠵᠢᠵᠢᠭᠦᠷᠯᠡᠨ ᠰᠠᠬᠢᠵᠤ ᠪᠠᠶᠢᠭ᠎ᠠ ᠬᠥᠮᠥᠰ ᠤᠨ ᠠᠵᠢᠯ ᠤᠨ ᠪᠠᠶᠢᠷᠢᠨ ᠳᠠᠬᠢ ᠪᠠᠶᠢᠳᠠᠯ᠂ ᠠᠵᠤ ᠠᠬᠤᠶᠢᠯᠠᠯ ᠤᠨ ᠬᠦᠮᠦᠨ ᠤ ᠬᠦᠴᠦᠨ ᠤ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠵᠡᠷᠭᠡ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠵᠦ᠂ ᠡᠭᠦᠨ ᠤ ᠬᠠᠮᠲᠤ ᠠᠳᠠᠯᠢ ᠪᠤᠰᠤ ᠠᠵᠤ ᠠᠬᠤᠶᠢᠯᠠᠯ ᠤᠨ ᠰᠢᠨᠵᠢ ᠴᠢᠨᠠᠷ ᠣᠨᠴᠠᠯᠢᠭ ᠲᠤ ᠴᠢᠭᠯᠡᠭᠦᠯᠦᠨ᠂ ᠣᠷᠣᠰᠢᠵᠤ ᠮᠡᠳᠡᠬᠦ ᠠᠮᠤᠷ ᠲᠦᠪᠰᠢᠨ ᠤ ᠳᠠᠯᠳᠠ ᠬᠡᠮ ᠤᠨ ᠣᠷᠣᠨ ᠪᠠᠶᠢᠷᠢ ᠪᠠ ᠭᠤᠣᠯᠳᠠᠯᠭ᠎ᠠ ᠲᠠᠢ ᠴᠢᠬᠤᠯᠠ ᠣᠷᠣᠨ ᠪᠠᠶᠢᠷᠢ ᠵᠡᠷᠭᠡ ᠳᠤ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠯᠲᠠ ᠬᠢᠵᠦ᠂ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ᠂ ᠠᠮᠤᠷ ᠲᠦᠪᠰᠢᠨ ᠤ ᠬᠠᠷᠢᠭᠤᠴᠠᠯᠭ᠎ᠠ ᠪᠠ ᠵᠣᠬᠢᠴᠠᠩᠭᠤᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠤᠬᠠᠢ ᠶᠢᠨ ᠲᠠᠯᠠᠪᠤᠷ ᠲᠤ ᠨᠢ ᠴᠡᠭᠴᠡᠯᠡᠨ ᠵᠠᠰᠠᠬᠤ ᠱᠠᠭᠠᠷᠳᠠᠯᠭ᠎ᠠ ᠲᠠᠯᠪᠢᠪᠡ᠃
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ