ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠶᠤᠤ ᠴᠧᠩ ᠽᠢ ᠲᠣᠮᠢᠯᠠᠭᠰᠠᠨ ᠰᠠᠯᠪᠤᠷᠢ ᠠᠷᠠᠳ ᠤᠨ ᠴᠠᠭᠳᠠᠭ᠎ᠠ ᠠᠮᠤᠷ ᠲᠦᠪᠰᠢᠨ ᠤ ᠯᠧᠺᠲ᠋ᠣᠷ ᠪᠣᠯᠵᠣ ᠰᠤᠷᠤᠭᠴᠢᠳ ᠤᠨ ᠦᠰᠦᠨ ᠪᠤᠶᠢᠵᠢᠯᠲᠠ ᠶᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2023/5/17
      ᠣᠶᠢᠷ᠎ᠠ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠥᠷᠭᠡᠨ ᠣᠯᠠᠨ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠰᠢᠶᠤᠤ ᠴᠧᠩ ᠽᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠷᠢᠶᠠᠲᠤ ᠣᠷᠣᠨ ᠤ ᠪᠠᠨ ᠰᠤᠷᠭᠠᠭᠤᠯᠢ ᠳᠤ ᠬᠦᠷᠴᠦ ︽ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
1.jpg
     ᠤᠬᠠᠭᠤᠯᠭ᠎ᠠ ᠶᠢᠨ ᠠᠵᠢᠯᠯᠠᠭ᠎ᠠ ᠡᠬᠢᠯᠡᠬᠦ ᠠᠴᠠ ᠡᠮᠦᠨ᠎ᠡ᠂ ᠰᠤᠷᠤᠭᠴᠢᠳ ᠤᠨ ᠢᠳᠡᠪᠬᠢᠵᠢᠯ ᠢ ᠳᠠᠶᠢᠴᠢᠯᠠᠬᠤ ᠶᠢᠨ ᠲᠥᠯᠥᠭᠡ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠰᠤᠷᠤᠭᠴᠢᠳ ᠤᠨ ᠳᠤᠷ᠎ᠠ ᠰᠣᠨᠢᠷᠬᠠᠯ ᠪᠠ ᠣᠨᠴᠠᠯᠢᠭ ᠲᠠᠢ ᠤᠶᠠᠯᠳᠤᠭᠤᠯᠤᠨ ᠤᠬᠠᠭᠤᠯᠭ᠎ᠠ ᠶᠢᠨ ᠭᠠᠷ ᠳᠡᠪᠲᠡᠷ ᠢ ᠳᠠᠷᠤᠮᠠᠯᠯᠠᠨ ᠵᠣᠬᠢᠶᠠᠵᠤ᠂ ᠤᠬᠠᠭᠤᠯᠭ᠎ᠠ ᠶᠢᠨ ᠮᠠᠲ᠋ᠧᠷᠢᠶᠠᠯ ᠢ ᠨᠠᠷᠢᠨ ᠨᠢᠮᠪᠠᠶ ᠪᠡᠯᠡᠳᠬᠡᠪᠡ᠃ ᠬᠢᠴᠢᠶᠡᠯ ᠤᠨ ᠲᠠᠩᠬᠢᠮ ᠳᠤ᠂ ᠠᠷᠠᠳ ᠤᠨ ᠴᠠᠭᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠨᠢ ᠰᠤᠷᠤᠭᠴᠢᠳ ᠤᠨ ᠳᠤᠷ᠎ᠠ ᠰᠣᠨᠢᠷᠬᠠᠯ ᠢ ᠲᠦᠢᠯ ᠤᠨ ᠶᠡᠭᠡ ᠪᠠᠷ ᠬᠥᠭᠵᠢᠭᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠮᠡᠳᠡᠯᠭᠡ ᠪᠠ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠠᠮᠢᠳᠤᠯᠢᠭ ᠶᠦᠮᠦᠷᠯᠢᠭ ᠦᠭᠡ ᠬᠡᠯᠡ ᠪᠠᠷ ᠲᠠᠶᠢᠯᠪᠤᠷᠢᠯᠠᠬᠤ ᠶᠢᠨ ᠬᠠᠮᠲᠤ ᠪᠣᠳᠠᠲᠠᠶ ᠲᠥᠷᠥᠭᠳᠡᠯ᠂ ᠵᠠᠭᠪᠤᠷ ᠤᠨ ᠲᠠᠶᠢᠯᠤᠮᠵᠢ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠲᠤ ᠠᠮᠤᠷ ᠲᠦᠪᠰᠢᠨ ᠤ ᠮᠡᠳᠡᠯᠭᠡ ᠶᠢ  ᠲᠥᠭᠡᠮᠡᠯᠵᠢᠭᠦᠯᠪᠡ᠃
3.jpg
     ᠲᠣᠰ ᠤᠳᠠᠭᠠᠨ ᠤ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠳᠤ᠂ ᠰᠢᠶᠤᠤ ᠴᠧᠩ ᠽᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠡᠶᠢᠲᠡ 2 ᠰᠤᠷᠭᠠᠭᠤᠯᠢ ᠳᠤ ᠬᠦᠷᠴᠦ ᠤᠬᠠᠭᠤᠯᠵᠤ᠂ ᠨᠡᠶᠢᠲᠡ 200 ᠰᠢᠬᠠᠮ ᠬᠥᠮᠦᠨ ᠤᠳᠠᠭ᠎ᠠ ᠤᠬᠠᠭᠤᠯᠤᠭᠰᠠᠨ ᠪᠥᠭᠡᠳ ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠠᠮᠤᠷ ᠲᠦᠪᠰᠢᠨ ᠤ ᠬᠡᠯᠡᠯᠴᠡᠭᠡᠷ ᠤᠨ ᠪᠢᠴᠢᠭ ᠲᠤ ᠭᠠᠷ ᠤᠨ ᠥᠰᠥᠭ ᠵᠢᠷᠤᠪᠠ᠃ ᠲᠠᠷᠠᠭᠠᠴᠢ ᠶᠢᠨ ᠠᠯᠬᠤᠮ ᠳᠤ᠂ ᠰᠢᠶᠤᠤ ᠴᠧᠩ ᠽᠢ ᠲᠣᠮᠢᠯᠠᠭᠰᠠᠨ ᠰᠠᠯᠪᠤᠷᠢ ᠲᠣᠭᠲᠠᠮᠠᠯ ᠬᠤᠭᠤᠴᠠᠭ᠎ᠠ ᠲᠠᠢ ᠪᠠᠷ ᠰᠤᠷᠭᠠᠭᠤᠯᠢ ᠳᠤ ᠬᠦᠷᠴᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠰᠣᠷᠣᠭᠴᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠰᠣᠷᠣᠭᠴᠢ ᠨᠢᠭᠡᠪᠦᠷᠢ ᠶᠢ ᠴᠥᠮ ᠬᠠᠤᠯᠢ ᠲᠦᠭᠡᠮᠡᠯᠵᠢᠭᠦᠯᠬᠦ ᠵᠢᠵᠢᠭ ᠤᠬᠠᠭᠤᠯᠤᠭᠴᠢ ᠪᠠ ᠬᠢᠨᠠᠯᠲᠠ ᠲᠠᠯᠪᠢᠭᠴᠢ ᠪᠣᠯᠭᠠᠵᠤ᠂ ᠬᠡᠷ ᠤᠨ ᠠᠬᠠᠮᠠᠳ ᠲᠥᠷᠥᠯ ᠰᠠᠳᠤᠨ ᠲᠠᠢ ᠪᠠᠨ ᠬᠠᠮᠲᠤ ᠪᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ ᠥᠭᠪᠡ᠃
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ