ᠳᠠᠷᠬᠠᠠᠠᠭᠤᠯᠠ ᠲᠣᠮᠢᠯᠠᠬᠰᠠᠨ ᠰᠠᠯᠪᠣᠷᠢ ᠤᠨ ᠠᠷᠠᠳ ᠤᠨ ᠴᠠᠬᠳᠠᠭ᠎ᠠ ᠲᠣᠰᠬᠤᠨ ᠳᠤ ᠭᠦᠨᠵᠡᠭᠡᠶᠢᠷᠡᠨ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ︾ ᠤᠬᠠᠭᠤᠯᠭ᠎ᠠ ᠶᠢᠨ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2023/5/17
      ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ᠂ ᠣᠯᠠᠨ ᠲᠦᠮᠡᠨ ᠤ ᠮᠡᠬᠡᠯᠡᠯ ᠢ ᠲᠠᠨᠢᠬᠤ᠂ ᠮᠡᠬᠡᠯᠡᠯ ᠢ ᠰᠡᠷᠭᠡᠶᠢᠯᠡᠬᠦ ᠤᠬᠠᠮᠰᠠᠷ ᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠬᠠᠠᠠᠭᠤᠯᠠ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠤᠰᠬᠤᠨ ᠳᠤ ᠭᠦᠨᠵᠡᠭᠡᠶᠢᠷᠡᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠠᠴᠠ ᠰᠡᠷᠬᠡᠶᠢᠯᠡᠭᠦ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠪᠡ᠃
ee063df0276aad3253e6ab394172bc2.jpg
     ᠣᠳᠣᠬᠠᠨ ᠤ ᠮᠡᠬᠡᠯᠡᠯ ᠤᠨ ᠬᠡᠷᠡᠭ ᠤᠨ ᠪᠣᠳᠠᠲᠠᠢ ᠪᠠᠶᠢᠳᠠᠯ ᠳᠤ ᠴᠢᠭᠯᠡᠭᠦᠯᠦᠨ᠂ ᠠᠷᠠᠳ ᠤᠨ ᠴᠠᠭᠳᠠᠭ᠎ᠠ ᠤ ᠣᠯᠠᠨ ᠲᠦᠮᠡᠨ ᠳᠤ ᠳᠤᠮᠳᠠ ᠭᠦᠨᠵᠡᠭᠡᠶᠢᠷᠡᠨ ᠮᠡᠬᠡᠯᠡᠯ ᠢ ᠰᠡᠷᠭᠡᠶᠢᠯᠡᠵᠦ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃ ᠬᠠᠷᠢᠶᠠᠲᠤ ᠣᠷᠣᠨ ᠤ ᠪᠠᠨ ᠡᠭᠦᠰᠦᠭᠰᠡᠨ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ᠂ ᠪᠡᠯᠡ ᠣᠷᠣᠭᠤᠯᠤᠨ ᠡᠳ᠋ ᠤᠨ ᠶᠠᠪᠤᠳᠠᠯ ᠢ ᠬᠠᠮᠢᠶᠠᠷᠬᠤ᠂ ᠰᠦᠯᠵᠢᠶᠡᠨ ᠳᠡᠭᠡᠷ᠎ᠡ ᠬᠤᠳᠠᠯᠳᠤᠭ᠎ᠠ ᠬᠢᠭᠰᠡᠨ ᠳᠠᠷᠠᠭ᠎ᠠ ᠵᠣᠭᠤᠰ ᠢ ᠪᠤᠴᠠᠭᠠᠬᠤ᠂ ᠰᠦᠯᠵᠢᠶᠡᠨ ᠳᠡᠭᠡᠷᠡᠬᠢ ᠪᠠᠷᠠᠭᠠᠨ ᠤ ᠵᠣᠭᠤᠰ᠂ ᠲᠤᠰᠢᠶᠠᠯ ᠬᠠᠪᠰᠤᠷᠭᠠᠵᠤ ᠲᠠᠩᠰᠠ ᠬᠠᠭᠤᠷᠮᠠᠭᠯᠠᠬᠤ ᠵᠡᠷᠭᠡ ᠦᠷᠭᠦᠯᠵᠢ ᠲᠣᠬᠢᠶᠠᠯᠳᠤᠳᠠᠭ ᠡᠯ᠎ᠡ ᠵᠦᠢᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠢ ᠲᠠᠶᠢᠯᠪᠤᠷᠢᠯᠠᠵᠤ᠂ ᠣᠯᠠᠨ ᠲᠦᠮᠡᠨ ᠳᠤ ᠰᠢᠨ᠎ᠡ ᠬᠡᠯᠪᠡᠷᠢ ᠶᠢᠨ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠢ ᠭᠦᠨᠵᠡᠭᠡᠢ ᠣᠶᠢᠯᠠᠭᠠᠭᠤᠯᠵᠤ᠂ ᠣᠯᠠᠨ ᠲᠦᠮᠡᠨ ᠤ ᠥᠪᠡᠰᠦᠪᠡᠨ ᠮᠡᠬᠡᠯᠡᠯ ᠢ ᠰᠡᠷᠭᠡᠶᠢᠯᠡᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠪᠡ᠃ ᠲᠡᠷᠡᠴᠢᠯᠡᠨ ᠣᠯᠠᠨ ᠲᠦᠮᠡᠨ ᠢ ᠬᠦᠯᠢᠴᠡᠩᠭᠦᠢ ᠪᠠᠷ ᠬᠠᠪᠰᠤᠷᠴᠤ ᠪᠠᠶᠢᠭᠠᠳ ᠭᠠᠷ ᠤᠲᠠᠰᠤᠨ ᠳᠤ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ APP ᠶᠢ ᠤᠭᠰᠠᠷᠠᠵᠤ ᠪᠠᠭᠤᠯᠭᠠᠵᠡᠢ᠃
27218128f03abcb400a66d638eeec4f.jpg
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠵᠢᠴᠢ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ