ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠳᠡᠭᠡᠳᠦ ᠰᠤᠷᠭᠠᠭᠤᠯᠢ ᠫᠠᠶᠢᠰᠠ ᠡᠯᠭᠦᠵᠦ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/5/17
      5 ᠳ᠋ᠤᠭᠠᠷ ᠰᠠᠷ᠎ᠠ ᠶᠢᠨ 7 ᠤ ᠡᠳᠦᠷ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠤᠭᠤᠲᠤ ᠶᠢᠨ ᠳᠣᠲᠣᠭᠠᠳᠤ ᠶᠢ ᠬᠠᠮᠠᠭᠠᠯᠠᠬᠤ ᠠᠷᠠᠳ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠳᠡᠭᠡᠳᠦ ᠰᠤᠷᠭᠠᠭᠤᠯᠢ︾ ᠶᠢᠨ ᠫᠠᠶᠢᠰᠠ ᠰᠡᠬᠦᠬᠦ ᠶᠣᠰᠣᠯᠠᠯ ᠵᠢᠴᠢ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃
图片1.png
      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠣᠲᠣᠭᠠᠳᠤ ᠶᠢ ᠬᠠᠮᠠᠭᠠᠯᠠᠬᠤ ᠬᠥᠮᠦᠵᠢᠯ ᠪᠣᠯᠪᠠᠰᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠪᠠᠶᠢᠳᠠᠯ᠂ ᠰᠢᠨ᠎ᠡ ᠡᠭᠦᠷᠭᠡ ᠪᠣᠯᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠳᠦᠷ ᠢᠷᠡᠬᠦᠶ᠎ᠡ ᠴᠢᠩᠭᠠᠷᠠᠵᠤ ᠪᠠᠶᠢᠭ᠎ᠠ ᠴᠢᠳᠠᠪᠤᠷᠢ ᠬᠡᠪ ᠴᠢᠨᠠᠷ ᠤᠨ ᠳᠡᠭᠡᠭᠰᠢᠯᠡᠭᠦᠯᠬᠦ ᠲᠠᠯ᠎ᠠ ᠪᠠᠷ ᠬᠦᠰᠡᠯ ᠡᠷᠡᠮᠡᠯᠵᠡᠯ ᠳᠤ ᠬᠠᠨᠳᠤᠭᠤᠯᠤᠨ᠂ ᠠᠯᠢ ᠤᠯᠠᠨ ᠪᠠᠶᠢᠷᠢᠯᠠᠭᠤᠯᠤᠯᠲᠠ ᠬᠢᠵᠦ᠂ ᠪᠤᠭᠤᠲᠤ  ᠬᠤᠳᠠ  ᠶᠢᠨ  ᠳᠣᠲᠣᠭᠠᠳᠤ  ᠶᠢ  ᠬᠠᠮᠠᠭᠠᠯᠠᠬᠤ  ᠲᠣᠪᠴᠢᠶ᠎ᠠ  ᠶᠠᠭ  ᠥᠷᠨᠢᠭᠦᠯᠵᠦ ᠪᠠᠶᠢᠭ᠎ᠠ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠲᠦᠷᠢ ᠲᠥᠷᠬᠦ ᠶᠢ ᠪᠤᠢ ᠪᠣᠯᠭᠠᠬᠤ︾ ᠲᠤᠰᠬᠠᠢ ᠠᠵᠢᠯᠯᠠᠭ᠎ᠠ ᠲᠠᠢ ᠤᠶᠠᠯᠳᠤᠭᠤᠯᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠳᠡᠭᠡᠳᠦ ᠰᠤᠷᠭᠠᠭᠤᠯᠢ ᠶᠢ ᠲᠢᠩᠬᠢᠮ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠬᠥᠮᠦᠵᠢᠯ ᠪᠣᠯᠪᠠᠰᠤᠷᠠᠯ ᠤᠨ ᠰᠢᠨ᠎ᠡ ᠲᠠᠪᠴᠠᠩ ᠢ ᠪᠦᠬᠦ ᠬᠦᠴᠦᠨ ᠢᠶᠠᠷ ᠢᠶᠠᠨ ᠴᠣᠭᠴᠠᠯᠠᠵᠠᠢ᠃ ︽ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠦᠮᠡ ᠰᠢᠬᠠᠮ ᠬᠥᠮᠦᠨ ᠪᠠᠶᠢᠵᠤ᠂ ᠡᠭᠦᠨ ᠳᠤ  ᠬᠠᠪᠰᠤᠷᠤᠭᠴᠢ ᠴᠠᠭᠳᠠᠭ᠎ᠠ 50% ᠶᠢ ᠡᠵᠡᠯᠡᠵᠦ ᠪᠣᠶ᠃ ᠲᠠᠳᠠ ᠳᠣᠲᠣᠭᠠᠳᠤ ᠶᠢ ᠬᠠᠮᠠᠭᠠᠯᠠᠬᠤ ᠠᠵᠢᠯ ᠤᠨ ᠳᠤᠮᠳᠠ ᠴᠢᠬᠤᠯᠠ ᠦᠢᠯᠡᠳᠦᠯ ᠪᠠᠳᠠᠷᠠᠭᠤᠯᠤᠭᠰᠠᠨ ᠪᠣᠯᠪᠠᠴᠤ ᠪᠤᠭᠤᠲᠤ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ ᠲᠠᠢ ᠬᠠᠷᠢᠴᠠᠭᠤᠯᠵᠤ ᠦᠵᠡᠪᠡᠯ᠂ ᠴᠢᠳᠠᠪᠤᠷᠢ ᠪᠠ ᠬᠡᠪ ᠴᠢᠨᠠᠷ ᠤᠨ ᠲᠠᠯ᠎ᠠ ᠪᠠᠷ ᠪᠠᠰᠠ ᠵᠣᠬᠢᠬᠤ ᠵᠥᠷᠢᠶ᠎ᠡ ᠲᠠᠢ ᠪᠠᠶᠢᠨ᠎ᠠ᠃ ᠪᠤᠭᠤᠲᠤ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠳᠡᠭᠡᠳᠦ ᠰᠤᠷᠭᠠᠭᠤᠯᠢ ᠶᠢ ᠪᠠᠶᠢᠭᠤᠯᠤᠭᠰᠠᠨ ᠨᠢ ᠳᠠᠷᠤᠶ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠴᠢᠳᠠᠪᠤᠷᠢ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠡᠩᠨᠡᠭᠡᠨ ᠤ ᠳᠠᠶᠢᠴᠢᠨ ᠬᠦᠴᠦᠨ ᠤ ᠪᠦᠷᠢᠯᠳᠦᠬᠦ ᠳᠤ ᠨᠠᠶᠢᠳᠠᠪᠤᠷᠢᠲᠠᠶ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ︾ ᠭᠡᠵᠦ ᠪᠤᠭᠤᠲᠤ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠳᠡᠭᠡᠳᠦ ᠰᠤᠷᠭᠠᠭᠤᠯᠢ ᠶᠢᠨ ᠭᠦᠢᠴᠡᠳᠬᠡᠬᠦ ᠳᠡᠳ᠋ ᠵᠠᠬᠢᠷᠤᠯ ᠲᠠᠩ ᠴᠢᠨ ᠰᠢ ᠠᠴᠠ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠠᠩᠬᠠᠨ ᠤ ᠵᠣᠷᠢᠯᠲᠠ ᠪᠠᠨ ᠲᠠᠨᠢᠯᠴᠠᠭᠤᠯᠪᠠ᠃ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠳᠡᠭᠡᠳᠦ ᠰᠤᠷᠭᠠᠭᠤᠯᠢ ᠶᠢᠨ ᠪᠠᠶᠢᠭᠤᠯᠤᠭᠳᠠᠬᠤ ᠶᠢ ᠠᠬᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠶᠢᠴᠠᠭᠠᠨ ᠰᠤᠳᠤᠯᠬᠤ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠵᠤ᠂ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠲᠡᠷᠢᠭᠦᠨ ᠤ ᠭᠠᠵᠠᠷ ᠣᠷᠣᠨ ᠤ ᠠᠵᠢᠯ ᠤᠨ ᠲᠤᠷᠰᠢᠯᠭ᠎ᠠ ᠶᠢ ᠭᠦᠢᠴᠡᠳ ᠰᠤᠷᠤᠯᠴᠠᠵᠤ᠂ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢᠨ ᠲᠣᠭᠲᠠᠴᠠ ᠶᠢᠨ ᠳᠠᠪᠠᠭᠤᠯᠢᠭ ᠢ ᠪᠠᠳᠠᠷᠠᠭᠤᠯᠤᠨ᠂ ︽ᠪᠤᠭᠤᠲᠤ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠳᠡᠭᠡᠳᠦ ᠰᠤᠷᠭᠠᠭᠤᠯᠢ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠰᠠᠨᠠᠭᠠᠴᠢᠯᠠᠭ᠎ᠠ ᠠᠴᠠ ᠪᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠪᠣᠯᠤᠨ ᠪᠤᠭᠤᠲᠤ ᠶᠢᠨ ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ ᠲᠠᠢ ᠬᠤᠯᠪᠣᠭ᠎ᠠ ᠠᠪᠴᠤ᠂ ᠰᠤᠷᠭᠠᠭᠤᠯᠢ ᠶᠢᠨ ᠲᠠᠯ᠎ᠠ ᠶᠢᠨ ᠬᠠᠮᠤᠭ ᠤᠨ ᠶᠡᠭᠡ ᠳᠡᠮᠵᠢᠯᠭᠡ ᠶᠢ ᠤᠯᠬᠤ ᠪᠠᠷ ᠴᠢᠷᠮᠠᠶᠢᠪᠠ᠃       ᠫᠠᠶᠢᠰᠠ ᠡᠯᠭᠦᠬᠦ ᠶᠣᠰᠣᠯᠠᠯ ᠳᠡᠭᠡᠷ᠎ᠡ᠂ ᠴᠠᠭᠳᠠᠭ᠎ᠠ ᠰᠤᠷᠭᠠᠭᠤᠯᠢ ᠬᠤᠶᠠᠷ ᠲᠠᠯ᠎ᠠ ᠪᠠᠷ ᠢᠶᠠᠨ ︽ᠴᠠᠭᠳᠠᠭ᠎ᠠ ᠰᠤᠷᠭᠠᠭᠤᠯᠢ ᠶᠢᠨ ᠬᠠᠮᠲᠤᠷᠠᠯᠴᠠᠭᠠᠨ ᠤ ᠬᠡᠯᠡᠯᠴᠡᠭᠡᠷ︾ ᠳᠤ ᠵᠢᠩᠬᠢᠨᠢ ᠪᠠᠷ ᠭᠠᠷ ᠤᠨ ᠥᠰᠥᠭ ᠵᠢᠷᠤᠪᠠ᠃ ᠬᠡᠯᠡᠯᠴᠡᠭᠡᠷ ᠤᠨ ᠶᠣᠰᠣᠭᠠᠷ᠂ ᠰᠤᠷᠭᠠᠭᠤᠯᠢ ᠶᠢᠨ ᠲᠠᠯ᠎ᠠ ᠶᠢᠨ ᠬᠢᠨ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠳᠦᠷ ᠲᠤᠲᠤᠮ ᠤᠨ ᠠᠵᠢᠯ ᠤᠨ ᠪᠠᠶᠢᠷᠢ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ ᠬᠢᠴᠢᠶᠡᠯ ᠲᠣᠬᠢᠷᠠᠭᠤᠯᠵᠤ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠵᠤ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠤᠷᠭᠠᠨ ᠬᠥᠮᠦᠵᠢᠯ ᠪᠣᠯᠪᠠᠰᠤᠷᠠᠯ ᠤᠨ ᠰᠠᠯᠪᠤᠷᠢ ᠠᠩᠭᠢ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠢᠭᠠᠨ ᠰᠤᠷᠭᠠᠯᠲᠠ᠂ ᠬᠠᠮᠢᠶᠠᠷᠤᠯᠲᠠ᠂ ᠬᠢᠨᠠᠨ ᠰᠢᠯᠭᠠᠯᠲᠠ ᠶᠢᠨ ᠰᠢᠯᠭᠠᠯᠲᠠ ᠳᠤ ᠣᠷᠣᠯᠴᠠᠵᠤ᠂ ᠰᠢᠯᠭᠠᠯᠲᠠ ᠠᠴᠠ ᠡᠮᠦᠨᠡᠬᠢ ᠬᠠᠪᠰᠤᠷᠤᠨ ᠵᠢᠯᠣᠭᠤᠳᠣᠯᠭ᠎ᠠ ᠥᠷᠨᠢᠭᠦᠯᠵᠦ᠂ ᠰᠤᠷᠤᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠪᠠᠲᠤᠯᠠᠵᠤ᠂ ᠰᠣᠷᠣᠭᠴᠢ ᠲᠡᠭᠦᠰᠬᠦ ᠶᠢᠨ ᠬᠠᠮᠲᠤ ᠪᠠᠰᠠ ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠪᠠᠶᠢᠴᠠᠭᠠᠵᠤ ᠪᠣᠯᠬᠤ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠦᠨᠡᠮᠯᠡᠯ ᠢ ᠣᠯᠭᠤᠵᠤ ᠪᠣᠯᠤᠨ᠎ᠠ᠃ ︽ᠡᠨᠡ ᠤᠳᠠᠭᠠᠨ ᠤ ᠣᠯᠳᠠᠬᠤᠶ᠎ᠠ ᠪᠡᠷᠬᠡ ᠲᠣᠬᠢᠶᠠᠯ ᠢ ᠯᠠᠪᠲᠠᠶ ᠰᠠᠶᠢᠲᠤᠷ ᠠᠳᠬᠤᠵᠤ᠂ ᠰᠤᠷᠤᠯᠴᠠᠯᠭ᠎ᠠ ᠪᠠᠨ ᠴᠢᠩᠭᠠᠳᠬᠠᠨ ᠭᠦᠨᠵᠡᠭᠡᠶ ᠰᠤᠷᠤᠯᠴᠠᠵᠤ᠂ ᠥᠪᠡᠷ ᠤᠨ ᠶᠡᠷᠦᠩᠬᠡᠶ ᠬᠡᠪ ᠴᠢᠨᠠᠷ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠤᠯᠴᠠᠪᠠᠯ ᠠᠮᠵᠢᠯᠲᠠ ᠲᠠᠢ᠂ ᠰᠤᠷᠤᠯᠴᠠᠪᠠᠯ ᠣᠯᠤᠯᠲᠠ ᠲᠠᠢ ᠪᠣᠯᠬᠤ ᠶᠢ ᠴᠢᠷᠮᠠᠶᠢᠨ ᠪᠡᠶᠡᠯᠡᠭᠦᠯᠦᠨ᠎ᠡ᠃︾ ᠭᠡᠵᠦ ᠪᠤᠭᠤᠲᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠬᠠᠪᠰᠤᠷᠤᠭᠴᠢ ᠴᠠᠭᠳᠠᠭ᠎ᠠ ᠱᠧᠩ ᠸᠧᠢ ᠥᠪᠡᠷ ᠤᠨ ᠲᠦᠷᠦᠭᠳᠡᠯ ᠢᠶᠠᠨ ᠢᠯᠡᠳᠬᠡᠪᠡ᠃ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠢᠩᠱᠠᠨ ᠵᠠᠮ ᠤᠨ ᠲᠣᠮᠢᠯᠠᠭᠰᠠᠨ ᠰᠠᠯᠪᠤᠷᠢ ᠶᠢᠨ ᠬᠠᠪᠰᠤᠷᠤᠭᠴᠢ ᠴᠠᠭᠳᠠᠭ᠎ᠠ ᠵᠦᠢ ᠵᠢᠩ᠄ ︽ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠳᠡᠭᠡᠳᠦ ᠰᠤᠷᠭᠠᠭᠤᠯᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠪᠢᠳᠡᠨ ᠤ ᠦᠷᠭᠦᠯᠵᠢᠯᠡᠨ ᠭᠦᠨᠵᠡᠭᠡᠶ ᠰᠤᠷᠤᠯᠴᠠᠬᠤ ᠳᠤ ᠲᠥᠬᠦᠮ ᠦᠵᠡᠭᠦᠯᠪᠡ᠂ ᠪᠢ ᠬᠢᠴᠢᠶᠡᠯ ᠤᠨ ᠭᠦᠢᠴᠡᠳᠬᠡᠯ ᠲᠤᠭ᠎ᠠ ᠪᠠᠨ ᠴᠢᠷᠮᠠᠶᠢᠨ ᠪᠡᠶᠡᠯᠡᠭᠦᠯᠵᠦ᠂ ᠰᠤᠷᠤᠯᠭ᠎ᠠ ᠶᠢᠨ ᠨᠠᠮᠲᠠᠷ ᠤᠨ ᠲᠠᠰ ᠳᠠᠪᠬᠤᠷᠭ᠎ᠠ ᠪᠠᠨ ᠡᠷᠲᠡᠬᠡᠨ ᠳᠡᠭᠡᠭᠰᠢᠯᠡᠭᠦᠯᠵᠦ᠂ ᠰᠣᠷᠣᠭᠰᠠᠨ ᠢᠶᠠᠨ ᠠᠵᠢᠯ ᠤᠨ ᠪᠠᠶᠢᠷᠢ ᠳᠤ ᠪᠠᠨ ᠬᠡᠷᠡᠭᠯᠡᠨ᠎ᠡ︾ ᠭᠡᠵᠡᠶ᠃ ᠣᠶᠢᠯᠠᠭᠠᠭᠰᠠᠨ ᠢᠶᠠᠷ᠂ ᠣᠳᠣᠬᠠᠨ ᠳᠤ ᠨᠡᠷ᠎ᠡ ᠮᠡᠳᠡᠭᠦᠯᠦᠭᠰᠡᠨ ᠠᠷᠠᠳ ᠤᠨ ᠴᠠᠭᠳᠠᠭ᠎ᠠ  ᠬᠠᠪᠰᠤᠷᠤᠭᠴᠢ ᠴᠠᠭᠳᠠᠭ᠎ᠠ ᠨᠢᠭᠡᠨᠲᠡ 400 ᠭᠠᠷᠤᠶ ᠬᠥᠮᠦᠨ ᠪᠠᠶᠢᠵᠤ᠂ ᠨᠢᠭᠡᠳᠦᠭᠡᠷ ᠬᠤᠭᠤᠴᠠᠭᠠᠨ ᠤ 189 ᠰᠣᠷᠣᠭᠴᠢ ᠴᠤ ᠶᠣᠰᠣᠯᠠᠯ ᠤᠨ ᠲᠤᠬᠠᠶ ᠶᠢᠨ ᠡᠳᠦᠷ ᠠᠴᠠ ᠵᠢᠩᠬᠢᠨᠢ ᠪᠠᠷ ᠰᠤᠷᠤᠯᠭ᠎ᠠ ᠡᠬᠢᠯᠡᠪᠡ᠃
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ