ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/26
      ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠬᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠨᠠᠢᠮᠠᠳᠤᠭᠠᠷ ᠤᠳᠠᠭᠠᠨ ᠤ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠦᠬᠠᠢ ᠬᠤᠳᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤᠯᠠᠨ ᠬᠡᠯᠪᠡᠷᠢ ᠶᠢᠨ ᠰᠢᠷᠢᠰ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠡᠢ᠃
微信图片_20230413110213.jpg
     ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠠᠮᠤᠷ ᠢ ᠬᠠᠮᠠᠭᠠᠯᠠᠬᠤ ᠰᠠᠯᠪᠤᠷᠢ ᠠᠩᠭᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭ᠎ᠠ ᠶᠢᠨ ᠰᠠᠯᠪᠤᠷᠢ ᠠᠩᠭᠢ᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠷᠠᠰᠠᠩ ᠵᠥᠩ ᠲᠣᠮᠢᠯᠠᠭᠰᠠᠨ ᠰᠠᠯᠪᠤᠷᠢ ᠵᠡᠷᠭᠡ ᠨᠢᠭᠡᠴᠢ᠂ ᠰᠠᠯᠠᠭ᠎ᠠ ᠮᠥᠴᠢᠷ ᠤᠳ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠵᠦ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ᠂ ᠭᠤᠤᠯ ᠰᠡᠳᠦᠪᠲᠦ ᠤᠬᠠᠭᠤᠯᠭ᠎ᠠ ᠶᠢᠨ ᠹᠢᠯᠢᠮ ᠢ ᠦᠵᠡᠭᠦᠯᠬᠦ᠂ ᠲᠤᠬᠠᠶ ᠶᠢᠨ ᠲᠠᠯᠠᠪᠤᠷ ᠲᠤ ᠠᠰᠠᠭᠤᠳᠠᠯ ᠢ ᠲᠠᠶᠢᠯᠬᠤ᠂ ᠲᠤᠰᠬᠠᠶ ᠰᠡᠳᠦᠪᠲᠦ ᠦᠵᠡᠭᠦᠯᠦᠯᠭᠡ ᠡᠷᠭᠢᠯᠡᠬᠦ ᠵᠡᠷᠭᠡ ᠬᠡᠯᠪᠡᠷᠢ ᠪᠠᠷ ᠰᠣᠷᠣᠭᠴᠢ ᠪᠠᠭᠰᠢ ᠨᠠᠷ ᠲᠤ ᠭᠠᠵᠢᠭᠤ ᠨᠣᠮᠯᠠᠯ ᠢ ᠡᠰᠡᠷᠭᠦᠴᠡᠬᠦ᠂ ᠰᠦᠷᠳᠡᠭᠦᠯᠦᠯ ᠢ ᠡᠰᠡᠷᠭᠦᠴᠡᠬᠦ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠶᠡᠷᠦ ᠶᠢᠨ ᠮᠡᠳᠡᠯᠭᠡ ᠵᠡᠷᠭᠡ ᠠᠭᠤᠯᠭ᠎ᠠ ᠶᠢ ᠲᠠᠶᠢᠯᠪᠤᠷᠢᠯᠠᠨ ᠥᠭᠴᠦ᠂ ᠣᠯᠠᠨ ᠢᠶᠠᠷ ᠢᠶᠠᠨ ᠤᠯᠤᠰ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠤ ᠲᠤᠬᠠᠶ ᠲᠠᠨᠢᠯᠲᠠ ᠪᠠᠨ ᠳᠡᠭᠡᠭᠰᠢᠯᠡᠭᠦᠯᠬᠦ ᠶᠢ ᠤᠷᠢᠶᠠᠯᠠᠪᠠ᠃
IMG_2157.JPG
     ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡ ᠵᠢᠯᠣᠭᠤᠳᠬᠤ ᠲᠥᠪ᠂ ᠬᠠᠤᠯᠢ ᠳᠦᠷᠢᠮ ᠤᠨ ᠰᠠᠯᠪᠤᠷᠢ ᠠᠩᠭᠢ᠂ ᠬᠠᠶᠢᠷᠤᠪ ᠤᠨ ᠲᠤᠬᠤᠢ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠥᠯ ᠤᠨ ᠴᠠᠭᠳᠠᠭ᠎ᠠ ᠶᠢᠨ ᠶᠡᠭᠡ ᠠᠩᠭᠢ᠂ ᠤᠳᠠ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠠᠶᠠᠨᠰᠠᠶᠢᠨ ᠲᠣᠮᠢᠯᠠᠭᠰᠠᠨ ᠰᠠᠯᠪᠤᠷᠢ᠂ ᠬᠠᠶᠢᠨᠠᠨ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭ᠎ᠠ ᠶᠢᠨ ᠶᠡᠭᠡ ᠠᠩᠬᠢ ᠵᠡᠷᠭᠡ ᠨᠢᠭᠡᠴᠢ᠂ ᠰᠠᠯᠠᠭ᠎ᠠ ᠮᠥᠴᠢᠷ ᠤᠨ ᠬᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠪᠠᠰᠠ ᠤᠯᠠᠨ ᠳᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ᠂ ᠤᠰᠤᠨ ᠳᠤ ᠵᠢᠪᠬᠦ ᠶᠢ ᠰᠡᠷᠭᠡᠶᠢᠯᠡᠬᠦ᠂ ᠭᠠᠯ ᠤᠨ ᠭᠠᠮᠰᠢᠭ ᠢ ᠰᠡᠷᠭᠡᠶᠢᠯᠡᠬᠦ᠂ ᠵᠣᠭᠤᠰ ᠨᠠᠭᠠᠳᠬᠤ ᠶᠢ ᠲᠡᠪᠴᠢᠬᠦ᠂ ᠠᠷᠢᠬᠢ ᠤᠤᠭᠤᠵᠤ ᠲᠡᠷᠭᠡ ᠵᠢᠯᠣᠭᠤᠳᠬᠤ ᠶᠢ ᠲᠡᠪᠴᠢᠬᠦ ᠵᠡᠷᠭᠡ ᠮᠡᠳᠡᠯᠭᠡ ᠶᠢ ᠢᠳᠡᠪᠬᠢᠲᠡᠢ ᠤᠬᠠᠭᠤᠯᠪᠠ᠃
微信图片_20230413110137.jpg
     ᠪᠦᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤᠷᠢᠳᠴᠢᠯᠠᠨ ᠰᠤᠷᠤᠯᠴᠠᠬᠤ᠂ ᠭᠦᠨᠵᠡᠭᠡᠶ ᠰᠤᠷᠤᠯᠴᠠᠬᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠣᠯᠠᠨ ᠵᠦᠢᠯ ᠤᠨ ᠬᠡᠯᠪᠡᠷᠢ ᠪᠠᠷ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ︽ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠵᠡᠷᠭᠡ ᠤᠯᠤᠰ ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠮᠡᠳᠡᠯᠭᠡ ᠶᠢ ᠰᠤᠷᠤᠯᠴᠠᠭᠤᠯᠪᠠ᠃ ᠤᠯᠤᠰ ᠤᠨ ᠠᠮᠤᠷ ᠲᠦᠪᠰᠢᠨ ᠤ ᠤᠬᠠᠮᠰᠠᠷ ᠢ ᠭᠦᠨᠵᠡᠭᠡᠢ ᠰᠡᠷᠡᠮᠵᠢᠯᠡᠬᠦ ᠶᠢ ᠠᠬᠢᠭᠤᠯᠬᠤ ᠳᠤ᠂ ᠪᠦᠬᠦ ᠠᠷᠠᠳ ᠤᠨ ᠴᠠᠭᠳᠠᠭ᠎ᠠ  ᠬᠠᠪᠰᠤᠷᠤᠭᠴᠢ ᠴᠠᠭᠳᠠᠭ᠎ᠠ ᠨᠠᠷ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠶᠡᠭᠡ ᠠᠮᠤᠷ ᠲᠦᠪᠰᠢᠨ ᠤ ᠪᠠᠶᠢᠷᠢᠰᠢᠯ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠲᠦᠷᠭᠡᠨ ᠪᠠᠶᠢᠭᠤᠯᠵᠤ᠂ ᠨᠡᠩ ᠬᠠᠲᠠᠭᠤ ᠠᠷᠭ᠎ᠠ ᠬᠡᠮᠵᠢᠶ᠎ᠡ᠂ ᠨᠡᠩ ᠪᠣᠳᠠᠲᠠᠢ ᠠᠵᠢᠯᠯᠠᠭ᠎ᠠ ᠪᠠᠷ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠣᠯᠭᠠᠨ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ