ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ︽ᠨᠠᠷᠠᠲᠤ ᠤᠷᠠᠨ ᠪᠢᠴᠢᠯᠭᠡᠲᠡᠨ ᠢ ᠴᠠᠭᠳᠠᠭ᠎ᠠ ᠶᠢᠨ ᠬᠤᠸᠠᠷᠠᠨ ᠳᠤ ᠤᠷᠢᠬᠤ︾ ᠲᠤᠰᠬᠠᠶ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/5/26
      ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠤᠶ ᠪᠣᠯᠭᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠦᠢᠷ᠎ᠠ ᠶᠢᠨ ᠡᠳᠦᠷ ᠲᠤ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ︽ᠨᠠᠷᠠᠲᠤ ᠤᠷᠠᠨ ᠪᠢᠴᠢᠯᠭᠡᠲᠡᠨ ᠢ ᠴᠠᠭᠳᠠᠭ᠎ᠠ ᠶᠢᠨ ᠬᠤᠸᠠᠷᠠᠨ ᠳᠤ ᠤᠷᠢᠬᠤ︾ ᠲᠤᠰᠬᠠᠶ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠬᠠᠶ ᠬᠤᠲᠠ ᠶᠢᠨ ᠤᠷᠠᠨ ᠪᠢᠴᠢᠯᠭᠡ ᠶᠢᠨ ᠬᠦᠷᠢᠶᠡᠨ ᠤ ᠲᠠᠪᠤᠨ ᠨᠠᠷᠠᠲᠤ ᠬᠥᠮᠦᠰ ᠢ ᠤᠷᠢᠵᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠠᠢ ᠳᠤᠲᠤᠨᠤᠰᠤᠭ ᠢᠶᠠᠷ ᠤᠷᠠᠨ ᠪᠢᠴᠢᠯᠭᠡ ᠶᠢᠨ ᠬᠢᠷᠢ ᠪᠦᠲᠦᠮᠵᠢ ᠶᠢ ᠰᠣᠯᠢᠯᠴᠠᠭᠠᠳ᠂ ᠬᠠᠮᠲᠤ ᠪᠠᠷ ᠤᠷᠠᠨ ᠪᠢᠴᠢᠯᠭᠡ ᠶᠢᠨ ᠤᠷᠠᠯᠢᠭ ᠢ ᠰᠤᠳᠤᠯᠤᠨ ᠶᠠᠷᠢᠯᠴᠠᠵᠤ᠂ ᠳᠣᠲᠣᠭᠠᠳᠤ ᠶᠢ ᠬᠠᠮᠠᠭᠠᠯᠠᠬᠤ ᠰᠢᠨ᠎ᠡ ᠳᠦᠷᠢ ᠲᠥᠷᠬᠦ ᠶᠢ ᠶᠡᠭᠡ ᠪᠠᠷ ᠪᠠᠳᠠᠷᠠᠭᠤᠯᠪᠠ᠃
微信图片_20230419173821.jpg
      ᠤᠷᠠᠨ ᠪᠢᠴᠢᠯᠭᠡ ᠶᠢᠨ ᠬᠢᠨ ᠤ ᠲᠤᠰᠬᠠᠶ ᠮᠡᠷᠭᠡᠵᠢᠯᠲᠡᠳ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠤᠨ ᠤᠷᠠᠨ ᠪᠢᠴᠢᠯᠭᠡ ᠶᠢᠨ ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠭᠰᠡᠨ ᠪᠥᠭᠡᠳ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠯᠭᠡᠨ ᠦᠵᠡᠭᠦᠯᠦᠭᠰᠡᠨ ᠤᠷᠠᠨ ᠪᠢᠴᠢᠯᠭᠡ ᠶᠢᠨ ᠪᠦᠲᠦᠭᠡᠯ ᠳᠤ ᠮᠡᠷᠭᠡᠵᠢᠯ ᠤᠨ ᠦᠨᠡᠯᠡᠯᠲᠡ ᠬᠢᠭᠰᠡᠨ ᠪᠠᠶᠢᠨ᠎ᠠ᠃ ᠳᠠᠷᠠᠭ᠎ᠠ ᠳᠤ ᠨᠢ᠂ ᠤᠷᠠᠨ ᠪᠢᠴᠢᠯᠭᠡ ᠶᠢᠨ ᠨᠡᠷᠡᠳᠦ ᠬᠥᠮᠦᠰ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠦᠭᠰᠢᠭᠦᠷᠢ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠲᠣᠭᠤᠷᠢᠭ ᠪᠣᠯᠤᠨ ᠮᠡᠳᠡᠭᠡ ᠵᠠᠩᠭᠢ ᠵᠢᠭᠠᠨ ᠵᠠᠶᠢᠯᠤᠭᠤᠯᠬᠤ ᠶᠡᠭᠡ ᠲᠢᠩᠬᠢᠮ ᠢᠶᠠᠷ ᠲᠣᠭᠤᠷᠢᠨ ᠦᠵᠡᠵᠦ᠂ ︽ᠴᠢᠮᠡᠭᠡ ᠮᠡᠳᠡᠭᠡ᠂ ᠵᠢᠯᠤᠭᠤᠳᠤᠯᠭ᠎ᠠ᠂ ᠠᠵᠢᠯᠯᠠᠭ᠎ᠠ︾ ᠶᠢ ᠨᠢᠭᠡ ᠴᠤᠬᠴᠠᠵᠢᠭᠤᠯᠤᠬᠰᠠᠨ ᠠᠵᠢᠯᠯᠠᠭᠠᠨ ᠤ ᠲᠣᠭᠲᠠᠴᠠ ᠵᠢᠴᠢ 110 ᠤᠶᠤᠨᠴᠢᠯᠠᠭᠰᠠᠨ ᠰᠢᠰᠲ᠋ᠧᠮ ᠤᠨ ᠪᠠᠶᠢᠭᠤᠯᠤᠯᠲᠠ ᠶᠢ ᠣᠶᠢᠯᠠᠭᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠦᠬᠠᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠯᠠᠨ ᠳᠤ ᠦᠢᠯᠡᠴᠢᠯᠡᠬᠦ ᠵᠣᠷᠢᠯᠲᠠ ᠶᠢ ᠭᠦᠨᠵᠡᠭᠡᠢ ᠣᠶᠢᠯᠠᠭᠠᠪᠠ᠃
微信图片_20230419173737.jpg
微信图片_20230419173830.jpg
      ᠬᠠᠮᠤᠭ ᠰᠡᠭᠦᠯ ᠳᠤ ᠨᠢ ᠤᠷᠠᠨ ᠪᠢᠴᠢᠯᠭᠡᠲᠡᠨ ᠪᠣᠯᠤᠨ ᠬᠡᠰᠡᠭ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠬᠠᠮᠲᠤ ᠪᠠᠷ ᠨᠠᠷᠠᠲᠤ ᠤᠷᠠᠨ ᠪᠢᠴᠢᠯᠭᠡᠲᠡᠨ ᠢ  ᠴᠠᠭᠳᠠᠭ᠎ᠠ ᠶᠢᠨ ᠬᠤᠸᠠᠷᠠᠨ ᠳᠤ ᠤᠷᠢᠬᠤ ᠶᠣᠰᠣᠯᠠᠯ ᠶᠠᠪᠤᠭᠤᠯᠵᠤ᠂ ᠤᠷᠠᠨ ᠪᠢᠴᠢᠯᠭᠡ ᠶᠢᠨ ᠬᠢᠨ ᠤ ᠲᠤᠰᠬᠠᠶ ᠮᠡᠷᠭᠡᠵᠢᠯᠲᠡᠳ ᠲᠤᠬᠠᠶ ᠶᠢᠨ ᠲᠠᠯᠠᠪᠠᠶ ᠶᠢᠨ ᠤᠷᠠᠨ ᠪᠢᠴᠢᠯᠭᠡ ᠶᠢᠨ ᠪᠦᠲᠦᠭᠡᠯ ᠤᠨ ᠰᠣᠯᠢᠯᠴᠠᠭ᠎ᠠ ᠬᠢᠵᠦ᠂ ᠲᠤᠬᠠᠶ ᠶᠢᠨ ᠲᠠᠯᠠᠪᠠᠶ ᠳᠤ ︽ᠨᠠᠮ ᠳᠤ ᠪᠠᠨ ᠦᠨᠡᠨᠴᠢ᠂ ᠠᠷᠠᠳ ᠲᠦᠮᠡᠨ ᠳᠤ ᠪᠠᠨ ᠦᠢᠯᠡᠴᠢᠯᠡᠬᠦ᠂ ᠬᠠᠤᠯᠢ ᠬᠡᠷᠡᠭᠵᠢᠭᠦᠯᠬᠦ ᠳᠤ ᠪᠠᠨ ᠲᠥᠪ ᠭᠤᠣᠯᠴᠢ᠂ ᠰᠠᠬᠢᠯᠭ᠎ᠠ ᠪᠠᠲᠤ ᠴᠢᠩᠭ᠎ᠠ︾᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠤᠶ ᠪᠣᠯᠭᠠᠬᠤ︾ ᠭᠡᠬᠦ ᠮᠡᠲᠦ ᠶᠢᠨ ᠤᠷᠠᠨ ᠪᠢᠴᠢᠯᠭᠡ ᠶᠢᠨ ᠪᠦᠲᠦᠭᠡᠯ ᠢ ᠪᠢᠴᠢᠭᠰᠡᠨ ᠪᠠᠶᠢᠨ᠎ᠠ᠃ ᠲᠣᠰ ᠤᠳᠠᠭᠠᠨ ᠤ ᠲᠤᠰᠬᠠᠶ ᠰᠡᠳᠦᠪᠲᠦ ᠠᠵᠢᠯᠯᠠᠭ᠎ᠠ ᠨᠢ ᠴᠠᠭᠳᠠᠭᠠᠨ ᠤ ᠬᠤᠸᠠᠷᠠᠨ ᠤ ᠣᠶᠤᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡ ᠪᠣᠯᠤᠨ ᠰᠣᠶᠣᠯ ᠤᠨ ᠡᠲᠡᠭᠡᠳ ᠤᠨ ᠰᠤᠷᠤᠯᠴᠠᠯᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠵᠡᠶ᠃ ᠤᠯᠠᠮᠵᠢᠯᠠᠯᠲᠤ ᠰᠣᠶᠣᠯ ᠢ ᠳᠣᠲᠣᠭᠠᠳᠤ ᠶᠢ ᠬᠠᠮᠠᠭᠠᠯᠠᠬᠤ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠤᠶ ᠪᠣᠯᠭᠠᠬᠤ︾ ᠲᠤᠰᠬᠠᠶ ᠠᠵᠢᠯᠯᠠᠭ᠎ᠠ ᠶᠢᠨ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠪᠡ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ