ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠴᠠᠭᠳᠠᠭ᠎ᠠ ᠨᠠᠮ ᠢᠶᠠᠨ ᠳᠠᠭᠠᠵᠤ ᠤᠯᠤᠰ ᠢᠶᠠᠨ ᠬᠦᠴᠦᠷᠬᠡᠭᠵᠢᠭᠦᠯᠬᠦ ᠳᠤ ᠬᠦᠴᠦᠨ ᠢᠶᠠᠨ ᠡᠷᠭᠦᠰᠦᠭᠡᠢ︾ ᠭᠡᠬᠦ ᠭᠤᠤᠯ ᠰᠡᠳᠦᠪᠲᠦ ᠵᠣᠬᠢᠶᠠᠯ ᠡᠯᠰᠡᠬᠦ ᠶᠠᠷᠢᠶᠠᠨ ᠤ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/5/31
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠲᠦᠷᠢ ᠲᠥᠷᠬᠦ ᠶᠢ ᠪᠤᠢ ᠪᠣᠯᠭᠠᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ 5 ᠰᠠᠷ᠎ᠠ ᠶᠢᠨ 15 ᠤ ᠡᠳᠦᠷ᠂ ᠦᠬᠠᠶ ᠬᠤᠳᠠ ᠶᠢᠨ ᠳᠣᠲᠣᠭᠠᠳᠤ ᠶᠢ  ᠬᠠᠮᠠᠭᠠᠯᠠᠬᠤ  ᠲᠣᠪᠴᠢᠶ᠎ᠠ ᠶᠢᠨ ᠨᠠᠮ ᠤᠨ ᠬᠤᠷᠢᠶ᠎ᠠ︽ᠴᠠᠭᠳᠠᠭ᠎ᠠ ᠨᠠᠮ ᠢᠶᠠᠨ ᠳᠠᠭᠠᠵᠤ ᠤᠯᠤᠰ ᠢᠶᠠᠨ ᠬᠦᠴᠦᠷᠬᠡᠭᠵᠢᠭᠦᠯᠬᠦ ᠳᠤ ᠬᠦᠴᠦᠨ ᠢᠶᠠᠨ ᠡᠷᠭᠦᠰᠦᠭᠡᠢ︾ ᠭᠡᠬᠦ ᠭᠤᠣᠯ ᠰᠡᠳᠦᠪᠲᠦ ᠵᠣᠬᠢᠶᠠᠯ ᠡᠯᠰᠡᠬᠦ ᠤᠷᠤᠯᠳᠤᠭᠠᠨ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠥᠷᠨᠢᠭᠦᠯᠵᠡᠢ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠯᠪᠣᠭᠳᠠᠯ ᠪᠦᠬᠦᠢ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠢ ᠶᠢᠨ ᠤᠳᠤᠷᠢᠳᠤᠯᠭ᠎ᠠ ᠲᠤᠬᠠᠶ ᠶᠢᠨ ᠲᠠᠯᠠᠪᠤᠷ ᠲᠤ ᠵᠢᠭᠠᠨ ᠵᠢᠯᠣᠭᠤᠳᠴᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠠᠵᠢᠯᠲᠠᠨ᠂ ᠨᠠᠮ ᠤᠨ ᠭᠡᠰᠢᠭᠦᠨ ᠤ ᠲᠥᠯᠥᠭᠡᠯᠡᠭᠴᠢ ᠵᠡᠷᠭᠡ 160 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃
图片4.jpg
      ᠲᠤᠰ ᠤᠳᠠᠭᠠᠨ ᠤ ᠤᠷᠤᠯᠳᠤᠭᠠᠨ ᠤ ᠡᠷᠬᠡ ᠲᠡᠭᠰᠢ ᠲᠥᠪ ᠭᠤᠣᠯᠴᠢ ᠢᠯᠡ ᠲᠣᠳᠣ ᠪᠠᠶᠢᠬᠤ ᠵᠠᠷᠴᠢᠮ ᠢ ᠬᠠᠷᠠᠭᠤᠯᠬᠤ ᠶᠢᠨ ᠲᠥᠯᠥᠭᠡ᠂ ᠬᠤᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠲᠤᠰᠬᠠᠶ ᠮᠡᠷᠭᠡᠵᠢᠯ ᠤᠨ ᠦᠨᠡᠯᠡᠨ ᠬᠢᠨᠠᠬᠤ ᠪᠦᠯᠬᠦᠮ ᠪᠠᠶᠢᠭᠤᠯᠵᠤ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦᠬᠠᠶ ᠶᠢᠨ ᠬᠤᠪᠢᠶᠠᠷᠢ ᠬᠦᠷᠢᠶᠡᠯᠡᠩ ᠤᠨ ᠳᠠᠷᠤᠭ᠎ᠠ ᠵᠢᠶᠠ ᠫᠢᠩ᠂ ᠬᠤᠲᠠ ᠶᠢᠨ ᠨᠠᠮ ᠤᠨ ᠬᠤᠷᠢᠶ᠎ᠠ ᠶᠢᠨ ᠯᠧᠺᠲ᠋ᠣᠷ ᠤᠨ ᠪᠦᠯᠬᠦᠮ ᠤᠨ ᠳᠠᠷᠤᠭ᠎ᠠ ᠰᠥᠩ ᠶᠤᠸᠠᠢ ᠶᠢ ᠦᠨᠡᠯᠡᠨ ᠬᠢᠨᠠᠬᠤ ᠪᠦᠯᠬᠦᠮ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ ᠵᠢᠴᠢ ᠬᠤᠲᠠ ᠶᠢᠨ ᠲᠣᠪᠴᠢᠶ᠎ᠠ ᠶᠢᠨ ᠬᠢᠨᠠᠨ ᠪᠠᠶᠢᠴᠠᠭᠠᠬᠤ ᠬᠢᠨᠠᠨ ᠪᠣᠳᠣᠬᠤ ᠵᠠᠬᠢᠳᠠᠯ ᠰᠤᠷᠪᠤᠯᠵᠢᠯᠠᠯ ᠤᠨ ᠰᠠᠯᠪᠤᠷᠢ ᠠᠩᠭᠢ᠂ ᠤᠯᠤᠰ ᠲᠥᠷᠥ ᠶᠢᠨ ᠬᠡᠯᠲᠡᠰ ᠤᠨ ᠰᠣᠨᠢᠨ ᠮᠡᠳᠡᠭᠡᠨ ᠤ ᠤᠬᠠᠭᠤᠯᠬᠤ ᠰᠠᠯᠠᠭ᠎ᠠ ᠶᠢᠨ ᠬᠠᠮᠢᠶ᠎ᠠ ᠪᠥᠬᠦᠶ ᠬᠥᠮᠦᠰ ᠢ ᠦᠨᠡᠯᠡᠨ ᠬᠢᠨᠠᠬᠤ ᠪᠦᠯᠬᠦᠮ ᠤᠨ ᠪᠦᠷᠢᠯᠳᠦᠬᠦᠨ ᠢᠶᠠᠷ ᠣᠨᠴᠠᠭᠠᠶᠢᠯᠠᠨ ᠤᠷᠢᠪᠠ᠃
图片7.jpg
      ᠡᠮᠦᠨ᠎ᠡ ᠬᠤᠭᠤᠴᠠᠭᠠᠨ ᠤ ᠪᠠᠴᠢᠮ ᠶᠠᠭᠠᠷᠠᠯᠲᠠᠶ ᠨᠡᠷ᠎ᠡ ᠮᠡᠳᠡᠭᠦᠯᠬᠦ ᠪᠠ ᠠᠩᠬᠠᠨ ᠤ ᠬᠢᠨᠠᠯᠲᠠ ᠶᠢᠨ ᠭᠤᠭᠴᠤᠭ᠎ᠠ ᠪᠠᠷ ᠳᠡᠮᠵᠢᠨ᠂ ᠨᠡᠶᠢᠲᠡ 12 ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠴᠣᠯᠭᠤᠷᠠᠨ ᠭᠠᠷᠴᠤ᠂ ᠲᠤᠬᠠᠶ ᠶᠢᠨ ᠲᠠᠯᠠᠪᠤᠷ ᠤᠨ ᠤᠷᠤᠯᠳᠤᠭᠠᠨ ᠤ ᠱᠠᠲᠤᠨ ᠳᠤ ᠤᠷᠤᠭᠰᠠᠨ ᠪᠠᠶᠢᠨ᠎ᠠ᠃ ᠶᠠᠷᠢᠶ᠎ᠠ ᠢᠯᠡᠳᠬᠡᠯ ᠤᠨ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ᠂ ᠲᠠᠮᠢᠷᠴᠢᠳ ᠶᠠᠷᠢᠶᠠᠨ ᠤ ᠭᠤᠣᠯ ᠰᠡᠳᠦᠪ ᠤᠨ ᠲᠣᠭᠤᠷᠢᠨ ᠳᠤ᠂ ᠨᠠᠮ ᠤᠨ ᠭᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠡᠷᠭᠢᠴᠡᠭᠦᠯᠵᠦ᠂ ᠨᠠᠮ ᠤᠨ ᠠᠭᠤᠤ ᠶᠡᠭᠡ ᠠᠮᠵᠢᠯᠲᠠ ᠶᠢ ᠮᠠᠭᠲᠠᠨ ᠳᠠᠭᠤᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠴᠠᠭᠳᠠᠭ᠎ᠠ ᠶᠢᠨ ᠠᠵᠢᠯ᠂ ᠳᠡᠷᠭᠡᠳᠡᠬᠢ ᠦᠯᠢᠭᠡᠷ ᠳᠠᠭᠤᠷᠢᠶᠠᠯ ᠵᠡᠷᠭᠡ ᠠᠭᠤᠯᠭ᠎ᠠ ᠶᠢᠨ ᠲᠣᠭᠤᠷᠢᠨ ᠳᠤ᠂ ᠤᠷᠮ᠎ᠠ ᠵᠣᠷᠢᠭ ᠪᠠᠳᠠᠷᠠᠩᠭᠤᠶ ᠪᠠᠷ᠂ ᠭᠦᠨ ᠰᠡᠳᠬᠢᠯᠭᠡ ᠲᠠᠢ ᠪᠠᠷ ᠶᠠᠷᠢᠵᠤ᠂ ᠠᠮᠢᠳᠤ ᠴᠣᠪᠣᠭᠤᠯᠢᠭ ᠵᠢᠱᠢᠶ᠎ᠡ ᠨᠦᠭᠦᠳ᠂ ᠴᠢᠩ ᠦᠨᠡᠨᠴᠢ ᠰᠡᠳᠬᠢᠯ ᠢᠶᠠᠷ ᠢᠶᠠᠨ᠂ ᠴᠢᠩᠭ᠎ᠠ ᠬᠠᠲᠠᠭᠤ ᠲᠠᠩᠭᠠᠷᠢᠭ ᠢᠶᠠᠷ ᠢᠶᠠᠨ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠠᠮᠢᠳᠤᠯᠢᠭ ᠰᠠᠶᠢᠬᠠᠨ ᠦᠢᠯᠡ ᠠᠵᠢᠯᠯᠠᠭ᠎ᠠ ᠨᠤᠭᠤᠳ ᠢ ᠳᠡᠯᠭᠡᠨ ᠦᠵᠡᠭᠦᠯᠦᠨ᠂ ᠴᠠᠭᠳᠠᠭ᠎ᠠ ᠨᠠᠮ ᠢᠶᠠᠨ ᠳᠠᠭᠠᠬᠤ ᠡᠷᠡᠰ ᠪᠠᠷᠢᠮᠲᠠᠯᠠᠬᠤ ᠢᠲᠡᠭᠡᠯ ᠪᠢᠰᠢᠷᠡᠯ ᠪᠠ ᠤᠯᠤᠰ ᠢᠶᠠᠨ ᠬᠦᠴᠦᠷᠬᠡᠭᠵᠢᠭᠦᠯᠬᠦ ᠳᠤ ᠬᠦᠴᠦ ᠪᠠᠨ ᠡᠷᠭᠦᠬᠦ ᠵᠣᠷᠢᠭ ᠢᠶᠠᠨ ᠢᠯᠡᠳᠬᠡᠵᠦ᠂ ᠦᠬᠠᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠷᠠᠳ ᠤᠯᠠᠨ ᠳᠤ ᠦᠢᠯᠡᠴᠢᠯᠡᠬᠦ ᠳᠤᠮᠳᠠ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠦᠯᠡᠨ ᠴᠢᠷᠮᠠᠶᠢᠵᠤ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠰᠡᠳᠬᠢᠯ ᠬᠥᠳᠡᠯᠭᠡᠮ᠎ᠡ ᠦᠯᠢᠭᠡᠷ ᠢ ᠳᠡᠯᠭᠡᠨ ᠦᠵᠡᠭᠦᠯᠵᠡᠢ᠃ ᠦᠬᠠᠢ ᠶᠢᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠠᠴᠠ ᠢᠷᠡᠭᠰᠡᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠤᠬᠠᠢ ᠶᠢᠨ ᠲᠠᠯᠠᠪᠠᠢ ᠶᠢᠨ ᠳᠠᠶᠢᠴᠢᠨ ᠨᠥᠬᠦᠳ ᠲᠤ ᠪᠠᠨ ᠲᠣᠭᠯᠠᠯᠲᠠ ᠶᠢᠨ ᠲᠠᠯᠠᠪᠠᠢ ᠶᠢᠨ ᠭᠤᠶᠢᠳᠠ ᠰᠠᠶᠢᠬᠠᠨ ᠲᠣᠭᠯᠠᠯᠲᠠ ᠶᠢ ᠠᠪᠴᠢᠷᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠨᠠᠮ ᠤᠨ ᠪᠠᠶᠢᠭᠤᠯᠤᠯᠲᠠ ᠶᠢ ᠠᠳᠬᠤᠬᠤ︾ ᠲᠤᠰᠬᠠᠢ ᠠᠵᠢᠯ ᠤᠨ ᠠᠵᠢᠯᠯᠠᠭ᠎ᠠ ᠶᠢᠨ ᠬᠡᠯᠪᠡᠷᠢ ᠶᠢ ᠴᠢᠨᠠᠭᠰᠢᠳᠠ ᠪᠠᠶᠠᠯᠢᠭᠵᠢᠭᠤᠯᠵᠤ᠂ ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠰᠤᠷᠲᠠᠯ ᠢ ᠪᠠᠲᠤᠳᠬᠠᠬᠤ ᠪᠠᠷ ᠬᠠᠷᠠᠯᠲᠠ ᠪᠣᠯᠭᠠᠨ᠂ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠦᠢᠯᠡᠰ ᠪᠤᠰᠬᠠᠬᠤ ᠲᠡᠮᠡᠴᠡᠯ ᠤᠨ ᠵᠣᠷᠢᠭ ᠪᠣᠯᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠷᠡᠮᠡᠬᠡᠶᠢᠯᠡᠨ ᠲᠡᠮᠡᠴᠡᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠶᠢ ᠬᠦᠳᠦᠯᠥᠨ ᠳᠠᠭᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠦᠬᠠᠢ ᠶᠢ ᠪᠦᠳᠦᠭᠡᠨ ᠪᠠᠶᠢᠭᠤᠯᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠰᠦᠭᠡᠢ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ