ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠯ᠎ᠡ ᠱᠠᠲᠤᠨ ᠤ ᠡᠪ ᠬᠠᠮᠲᠤ ᠶᠣᠰᠣᠨ ᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠵᠢᠴᠢ ᠥᠷᠭᠡᠨ ᠣᠯᠠᠨ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠢᠯᠡᠭᠡᠭᠰᠡᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/5/5
    ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠴᠢᠮᠬᠠᠨ ᠳᠤ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠷᠢᠭᠤ ᠵᠠᠬᠢᠳᠠᠯ ᠢᠯᠡᠭᠡᠵᠦ᠂ ᠴᠢᠩ ᠰᠡᠳᠬᠢᠯ ᠤᠨ ᠬᠦᠰᠡᠯ ᠢᠶᠠᠨ ᠳᠤᠷᠠᠳᠤᠭᠰᠠᠨ ᠪᠥᠭᠡᠳ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠳᠤ ᠪᠦᠬᠦ ᠤᠯᠤᠰ ᠤᠨ ᠥᠷᠭᠡᠨ ᠣᠯᠠᠨ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠡᠢ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠮ ᠪᠣᠯᠤᠨ ᠤᠯᠤᠰ ᠤᠨ ᠬᠥᠭᠵᠢᠯᠲᠡ ᠶᠢᠨ ᠰᠢᠨ᠎ᠡ ᠲᠡᠦᠬᠡᠨ ᠣᠷᠣᠨ ᠪᠠᠶᠢᠷᠢ ᠶᠢ ᠲᠣᠭᠲᠠᠭᠠᠵᠤ᠂ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠠᠴᠠ ᠰᠢᠨ᠎ᠡ ᠡᠭᠦᠷᠭᠡ ᠬᠠᠷᠢᠭᠤᠴᠠᠯᠭ᠎ᠠ ᠳᠠᠭᠠᠭᠠᠯᠭᠠᠵᠤ᠂ ᠪᠦᠬᠦ ᠣᠷᠣᠨ ᠤ ᠥᠷᠭᠡᠨ ᠤᠯᠠᠨ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠦᠩᠬᠡ ᠬᠡᠷᠡᠯᠳᠡᠢ ᠶᠤᠮ᠃ ︽ᠲᠠᠪᠤᠨ ᠰᠠᠷ᠎ᠠ ᠶᠢᠨ ᠲᠦᠷᠪᠡᠨ︾ ᠤ ᠵᠠᠯᠠᠭᠤᠴᠤᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠳᠤ ᠳᠣᠣᠷᠠᠬᠢ ᠮᠡᠲᠦ ᠰᠠᠨᠠᠭᠠᠴᠢᠯᠠᠭ᠎ᠠ ᠶᠢ ᠳᠤᠷᠠᠳᠤᠶ᠎ᠠ᠄      ᠨᠢᠭᠡ᠂ ᠠᠯᠤᠰ ᠬᠡᠳᠤ ᠶᠢᠨ ᠬᠦᠰᠡᠯᠡᠩ ᠢ ᠡᠪᠦᠷᠯᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠳᠠᠭ ᠲᠣᠯᠣᠭᠠᠶᠢᠯᠠᠭᠴᠢ ᠪᠣᠯᠬᠤ ᠬᠡᠷᠡᠭᠲᠡᠢ      ᠢᠲᠡᠭᠡᠯ ᠲᠠᠢ ᠪᠠᠶᠢᠪᠠᠯ ᠰᠠᠶ᠋ᠢ ᠬᠤᠯᠠ ᠠᠶᠠᠯᠠᠵᠤ ᠴᠢᠳᠠᠨ᠎ᠠ᠂ ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠮᠤᠭ ᠤᠨ ᠢᠯᠡ ᠲᠣᠳᠣ ᠢᠯᠡᠷᠡᠯ ᠪᠣᠯᠤᠨ᠎ᠠ᠃ ᠡᠯ᠎ᠡ ᠱᠠᠲᠤᠨ ᠤ ᠡᠪᠯᠡᠯ ᠤᠨ ᠵᠠᠯᠠᠭᠤᠴᠤᠳ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠪᠠᠷᠢᠮᠲᠠᠯᠠᠵᠤ᠂ ︽ᠭᠤᠷᠪᠠᠨ ᠬᠤᠷᠠᠯ ᠬᠤᠶᠠᠷ ᠳᠦᠷᠢᠮ ᠨᠢᠭᠡ ᠬᠢᠴᠢᠶᠡᠯ︾  ᠤᠨ  ᠳᠦᠷᠢᠮ  ᠢ  ᠴᠢᠩᠭ᠎ᠠ  ᠬᠡᠷᠡᠭᠵᠢᠭᠦᠯᠵᠦ᠂ ︽ᠡᠪᠯᠡᠯ ᠤᠨ ᠡᠭᠦᠷ + ᠵᠠᠯᠠᠭᠤᠴᠤᠳ ᠤᠨ ᠳᠤᠭᠤᠶᠢᠯᠠᠩ︾ ᠤᠨ ᠰᠤᠷᠤᠯᠴᠠᠬᠤ ᠵᠠᠭᠪᠤᠷ ᠤᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶ ᠰᠠᠶᠢᠲᠤᠷ ᠥᠷᠨᠢᠭᠦᠯᠵᠦ᠂ ᠡᠪᠯᠡᠯ ᠤᠨ ᠲᠥᠪ ᠬᠤᠷᠢᠶᠠᠨ ᠤ ︽ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠢᠶᠠᠨ ᠡᠭᠦᠷᠢᠳᠡ ᠳᠠᠭᠠᠵᠤ᠂ ᠰᠢᠨ᠎ᠡ ᠠᠶᠠᠨ ᠵᠠᠮ ᠳᠤ ᠪᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ︽ᠠᠳᠬᠤᠬᠤ ᠴᠡᠭᠴᠡᠯᠡᠬᠦ ᠴᠢᠩᠭᠠᠳᠬᠠᠬᠤ ᠪᠣᠢ ᠪᠣᠯᠭᠠᠬᠤ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠥᠷᠭᠡᠨ ᠣᠯᠠᠨ ᠵᠠᠯᠠᠭᠤ ᠠᠷᠠᠳ ᠤᠨ ᠴᠠᠭᠳᠠᠭ᠎ᠠ ᠶᠢᠨ ᠬᠠᠪᠰᠤᠷᠤᠭᠴᠢ ᠴᠠᠭᠳᠠᠭ᠎ᠠ ᠶᠢ ᠬᠥᠲᠥᠯᠥᠨ ᠵᠢᠯᠣᠭᠤᠳᠴᠤ ᠦᠵᠡᠯ ᠰᠠᠨᠠᠭᠠᠨ ᠤ ᠳᠠᠪᠲᠠᠯᠲᠠ ᠶᠢᠨ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ ᠵᠣᠷᠢᠭ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢᠨ ᠲᠤᠬᠠᠢ ᠢᠲᠡᠭᠡᠯ ᠵᠣᠷᠢᠭ ᠢ ᠪᠤᠢ ᠪᠣᠯᠭᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠨᠡᠨᠴᠢ ᠰᠢᠳᠤᠷᠭᠤ ᠴᠠᠭᠳᠠᠭ᠎ᠠ ᠶᠢᠨ ᠰᠦᠭ ᠰᠦᠨᠡᠰᠦ ᠶᠢ ᠪᠠᠲᠤᠳᠬᠠᠵᠤ᠂ ᠨᠠᠮ ᠪᠣᠯᠤᠨ ᠠᠷᠠᠳ ᠲᠦᠮᠡᠨ ᠤ ᠦᠨᠡᠨᠴᠢ ᠰᠢᠳᠤᠷᠭᠤ ᠬᠠᠮᠠᠭᠠᠯᠠᠭᠴᠢ ᠪᠣᠯᠬᠤ ᠬᠡᠷᠡᠭᠲᠡᠢ᠃       ᠬᠤᠶᠠᠷ᠂ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠭᠠᠪᠢᠶ᠎ᠠ ᠪᠠᠶᠢᠭᠤᠯᠬᠤ᠂ ᠠᠭᠤᠤ ᠦᠢᠯᠡᠰ ᠪᠦᠲᠦᠭᠡᠬᠦ ᠰᠢᠨ᠎ᠡ ᠬᠦᠴᠦᠨ ᠪᠣᠯᠬᠤ ᠬᠡᠷᠡᠭᠲᠡᠢ      ᠥᠷᠭᠡᠨ ᠣᠯᠠᠨ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠴᠤᠭ ᠵᠢᠪᠬᠤᠭ᠎ᠠ ᠲᠠᠢ᠂ ᠡᠷᠡᠰ ᠰᠢᠭᠤᠷᠬᠠᠶ᠂ ᠨᠡᠩ ᠴᠤ ᠡᠷᠴᠢ ᠵᠣᠷᠢᠭ ᠢᠶᠠᠨ  ᠬᠥᠪᠴᠢᠯᠡᠨ ᠴᠤᠴᠠᠯᠲᠠ ᠦᠭᠡᠶ ᠤᠷᠤᠭᠰᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠭᠤᠣᠯᠳᠠᠯᠭ᠎ᠠ᠂ ︽ᠬᠢᠲᠤᠭ᠎ᠠ ᠶᠢᠨ ᠳᠣᠣᠷ᠎ᠠ ᠨᠣᠭᠤᠭ᠎ᠠ ᠪᠠᠶᠢᠬᠤ︾ ᠡᠭᠦᠷᠭᠡ ᠲᠠᠢ ᠨᠢᠭᠲᠠ ᠤᠶᠠᠯᠳᠤᠭᠤᠯᠤᠨ᠂ ᠢᠳᠡᠪᠬᠢᠲᠡᠢ ᠪᠠᠷ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠤᠯᠤᠰ ᠤᠨ ᠠᠮᠤᠷ ᠲᠦᠪᠰᠢᠨ᠂ ᠲᠦᠷᠢᠮ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠪᠠᠲᠤ ᠰᠠᠶᠢᠲᠤᠷ ᠬᠠᠮᠠᠭᠠᠯᠠᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠨᠠᠮᠳᠠᠭᠤᠯᠬᠤ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠠᠪᠤᠴᠠ ᠳᠤ ᠡᠭᠦᠰᠬᠦ ᠠᠴᠠ ᠡᠮᠦᠨ᠎ᠡ ᠰᠡᠷᠡᠵᠦ᠂ ᠡᠭᠦᠰᠬᠦ ᠠᠴᠠ ᠡᠮᠦᠨ᠎ᠡ ᠠᠷᠢᠯᠭᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠬᠦᠴᠦᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ︽ᠤᠯᠤᠰ ᠤᠨ ᠶᠡᠭᠡ ᠲᠠᠯ᠎ᠠ︾ ᠶᠢ ᠰᠡᠳᠬᠢᠯ ᠳᠤ ᠪᠠᠨ ᠪᠤᠳᠤᠵᠤ᠂ ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠰᠠᠬᠢᠵᠤ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠴᠢᠩᠭ᠎ᠠ ᠠᠳᠬᠤᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠨᠡᠩ ᠬᠦᠴᠦᠲᠡᠢ ᠬᠠᠮᠠᠭᠠᠯᠠᠬᠤ ᠬᠡᠷᠡᠭᠲᠡᠢ︔ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢᠨ ᠲᠣᠭᠤᠷᠢᠨ ᠳᠤ᠂ ᠨᠡᠭᠦᠳᠡᠯ ᠠᠷᠠᠳ ᠤᠨ ᠬᠢᠯᠢ ᠪᠠᠷ ᠣᠷᠣᠵᠤ ᠭᠠᠷᠬᠤ᠂ ᠠᠮᠤᠷ ᠢ ᠬᠠᠮᠠᠭᠠᠯᠠᠬᠤ ᠡᠷᠦᠬᠡ ᠠᠮᠠ ᠶᠢᠨ ᠶᠠᠪᠤᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠳᠤ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠨᠠᠩ ᠣᠯᠠᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠳᠤ ᠠᠮᠤᠷ ᠲᠦᠪᠰᠢᠨ ᠲᠣᠭᠲᠠᠭᠤᠨ ᠤᠯᠤᠰ ᠲᠥᠷᠥ ᠨᠡᠶᠢᠭᠡᠮ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠶ᠃      ᠭᠤᠷᠪᠠ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠵᠤ᠂ ᠰᠢᠮᠳᠠᠨ ᠰᠤᠳᠤᠯᠬᠤ᠂ ᠥᠭᠡᠳᠡᠯᠡᠨ ᠲᠠᠪᠰᠢᠬᠤ ᠪᠠᠷ ᠴᠢᠷᠮᠠᠶᠢᠳᠠᠭ ᠬᠦᠰᠡᠯ ᠬᠥᠭᠡᠭᠡᠴᠡᠯᠳᠦᠭᠴᠢ ᠪᠣᠯᠬᠤ ᠬᠡᠷᠡᠭᠲᠡᠢ      ᠥᠷᠭᠡᠨ ᠣᠯᠠᠨ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠣᠳᠣ ᠶᠠᠭ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ ᠶᠡᠭᠡ ᠰᠠᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠪᠡᠶ᠎ᠡ ᠪᠠᠨ ᠪᠠᠷᠢᠵᠤ ᠴᠢᠷᠮᠠᠶᠢᠨ ᠰᠢᠨᠵᠢᠯᠡᠨ ᠰᠣᠳᠣᠯᠠᠬᠤ ᠴᠢᠳᠠᠪᠤᠷᠢ ᠪᠠ ᠥᠭᠡᠳᠡᠯᠡᠨ ᠲᠠᠪᠰᠢᠬᠤ ᠳᠠᠷᠤᠤ ᠬᠢᠴᠢᠶᠡᠩᠭᠦᠢ ᠵᠠᠩ ᠰᠤᠷᠲᠠᠯ ᠢ ᠪᠣᠯᠪᠠᠰᠤᠷᠠᠭᠤᠯᠵᠤ᠂ ᠪᠡᠶ᠎ᠡ ᠪᠠᠷ ᠢᠶᠠᠨ ᠬᠢᠵᠦ ᠪᠣᠳᠠᠲᠠᠢ ᠠᠵᠢᠯᠯᠠᠬᠤ ᠦᠢᠯᠡᠳᠦᠯᠭᠡ ᠶᠢᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠣᠮᠣᠷᠬᠠᠭ ᠪᠠᠷᠳᠠᠮ ᠡᠷᠬᠡ ᠲᠠᠩᠬᠢ ᠬᠤᠶᠠᠷ ᠰᠤᠷᠲᠠᠯ ᠢ ᠤᠬᠠᠮᠰᠠᠷ ᠠᠴᠠ ᠪᠠᠨ ᠲᠠᠶᠠᠭᠳᠠᠵᠤ᠂ ᠡᠷᠡᠮᠡᠬᠡᠶᠢᠯᠡᠨ ᠤᠷᠤᠭᠰᠢᠯᠠᠬᠤ ᠳᠤ ᠰᠢᠨ᠎ᠡ ᠶᠢ ᠡᠭᠦᠳᠴᠦ᠂ ᠵᠠᠮ ᠨᠡᠭᠡᠭᠡᠨ ᠤᠷᠤᠭᠰᠢᠯᠠᠵᠤ᠂ ᠳᠣᠲᠣᠭᠠᠳᠤ ᠶᠢ ᠬᠠᠮᠠᠭᠠᠯᠠᠬᠤ  ᠲᠤᠬᠠᠶᠢᠯᠠᠭᠰᠠᠨ  ᠠᠵᠢᠯ  ᠤᠨ  ᠭᠤᠣᠯᠯᠠᠭᠴᠢ  ᠬᠦᠴᠦᠨ᠂ ᠬᠠᠰᠢᠷ  ᠬᠥᠮᠦᠨ᠂ ᠵᠠᠯᠠᠭᠤ  ᠬᠤᠰᠢᠭᠤᠴᠢ  ᠪᠣᠯᠬᠤ  ᠪᠠᠷ  ᠴᠢᠷᠮᠠᠶᠢᠵᠤ᠂ ︽ᠬᠤᠷᠢᠭ᠎ᠠ ᠱᠤᠭᠤᠮ ᠢ ᠪᠠᠲᠤᠯᠠᠬᠤ᠂ ᠲᠡᠷᠢᠭᠦᠨ ᠤ ᠬᠢ ᠶᠢ ᠲᠡᠮᠡᠴᠡᠨ ᠤᠯᠬᠤ᠂  ᠳᠣᠪᠤᠶᠢᠮ᠎ᠠ ᠠᠮᠵᠢᠯᠲᠠ ᠭᠠᠷᠭᠠᠬᠤ︾ ᠡᠯ᠎ᠡ ᠵᠦᠢᠯ ᠤᠨ ᠡᠭᠦᠷᠭᠡ ᠶᠢᠨ ᠳᠤᠮᠳᠠ ᠭᠠᠪᠢᠶ᠎ᠠ ᠵᠢᠳᠬᠦᠯ ᠪᠠᠶᠢᠭᠤᠯᠬᠤ ᠳᠤᠮᠳᠠ ᠵᠠᠯᠠᠭᠤ ᠨᠠᠰᠤᠨ ᠤ ᠤᠶᠤᠨ ᠤᠬᠠᠭᠠᠨ ᠢᠶᠠᠨ ᠢᠯᠡᠷᠡᠭᠦᠯᠬᠦ ᠬᠡᠷᠡᠭᠲᠡᠢ᠃ ᠡᠯ᠎ᠡ ᠱᠠᠲᠤᠨ ᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠢᠨ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠦᠬᠦᠢ ᠠᠵᠢᠯ ᠤᠨ ᠰᠤᠷᠲᠠᠯ ᠢ ᠠᠵᠢᠯ ᠤᠨ ᠳᠤᠮᠳᠠ ᠪᠠᠨ ᠢᠯᠡᠷᠡᠭᠦᠯᠵᠦ᠂ ᠵᠠᠯᠠᠭᠤᠴᠤᠳ ᠤᠨ ᠭᠠᠪᠰᠢᠭᠠᠢ ᠠᠩᠬᠢ᠂ ᠵᠠᠯᠠᠭᠤᠴᠤᠳ ᠤᠨ ᠪᠣᠯᠪᠠᠰᠤᠨ ᠨᠡᠷᠡᠮᠵᠢᠲᠦ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠬᠦ ᠳᠤᠮᠳᠠ ᠵᠠᠯᠠᠭᠤ ᠨᠠᠰᠤᠨ ᠤ ᠬᠦᠴᠦᠨ ᠴᠢᠳᠠᠯ ᠢᠶᠠᠨ ᠢᠯᠡᠷᠡᠭᠦᠯᠵᠦ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ︽ᠭᠤᠷᠪᠠᠨ ᠵᠠᠯᠠᠭᠤ ᠶᠢᠨ ᠨᠡᠷᠡᠲᠦ ᠲᠡᠮᠳᠡᠭ︾ ᠢ ᠡᠭᠦᠳᠬᠦ ᠬᠡᠷᠡᠭᠲᠡᠢ︔ ᠨᠡᠶᠢᠲᠡᠯᠢᠭ ᠵᠢᠱᠢᠶ᠎ᠡ ᠳᠠᠭᠤᠷᠢᠶᠠᠯ ᠢ ᠰᠢᠯᠭᠠᠷᠠᠭᠤᠯᠬᠤ᠂ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠬᠤ ᠶᠢ ᠴᠢᠬᠤᠯᠠᠴᠢᠯᠠᠵᠤ᠂ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠠᠴᠠ ᠪᠠᠭ᠋ᠠᠷᠬᠠᠯᠲᠠᠢ ᠴᠠᠭᠳᠠᠭ᠎ᠠ︾᠂ ︽ᠬᠤᠶᠠᠷ ᠤᠯᠠᠭᠠᠨ ᠬᠤᠶᠠᠷ ᠰᠢᠯᠢᠳᠡᠭ︾᠂ ︽ᠠᠵᠢᠯ ᠤᠨ ᠪᠠᠶᠢᠷᠢ ᠶᠢᠨ ᠵᠠᠯᠠᠭᠤ ᠴᠢᠳᠠᠪᠤᠷᠢᠲᠠᠨ︾ ᠵᠡᠷᠭᠡ ᠲᠡᠷᠢᠭᠦᠨ ᠤ ᠬᠢ ᠶᠢ ᠲᠡᠮᠡᠴᠡᠵᠦ ᠰᠢᠨ᠎ᠡ ᠶᠢ ᠡᠭᠦᠳᠬᠦ ᠠᠵᠢᠯ ᠤᠨ ᠳᠤᠮᠳᠠ ᠵᠠᠯᠠᠭᠤ ᠨᠠᠰᠤᠨ ᠤ ᠣᠮᠤᠭ ᠵᠣᠷᠢᠭ ᠢᠶᠠᠨ ᠢᠯᠡᠷᠡᠭᠦᠯᠬᠦ ᠬᠡᠷᠡᠭᠲᠡᠢ᠃      ᠲᠦᠷᠪᠡ᠂ ᠠᠷᠢᠭᠤᠨ ᠴᠢᠬᠡᠴᠢ ᠮᠥᠨ ᠴᠢᠨᠠᠷ ᠢᠶᠠᠨ ᠦᠷᠭᠦᠯᠵᠢ ᠰᠠᠬᠢᠵᠤ᠂ ᠶᠡᠭᠡ ᠵᠣᠷᠢᠭ ᠢ ᠪᠤᠢ ᠪᠣᠯᠭᠠᠬᠤ᠂ ᠶᠡᠭᠡ ᠮᠣᠷᠠᠯ ᠢ ᠮᠡᠳᠡᠬᠦ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ      ᠥᠷᠭᠡᠨ ᠤᠯᠠᠨ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠰᠡᠳᠬᠢᠯ ᠪᠠ ᠦᠢᠯᠡ ᠠᠵᠢᠯᠯᠠᠭ᠎ᠠ ᠳᠤ ᠪᠠᠨ ᠪᠠᠷᠢᠶᠠᠰᠤ ᠲᠠᠢ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ  ᠶᠢᠨ  ᠶᠣᠰᠣ  ᠲᠦᠷᠢᠮ  ᠢ  ᠴᠢᠩᠭ᠎ᠠ  ᠰᠠᠬᠢᠵᠤ᠂ ︽ᠲᠠᠪᠤᠨ  ᠡᠷᠬᠡᠪᠰᠢ︾  ᠶᠢ ᠪᠠᠲᠤ ᠴᠡᠭᠡᠵᠢᠯᠡᠵᠦ᠂ ︽ᠲᠤᠯᠤᠭᠠᠨ ᠪᠠᠶᠢᠬᠤ︾ ᠶᠢ ᠴᠢᠩᠭ᠎ᠠ ᠰᠡᠷᠭᠡᠶᠢᠯᠡᠵᠦ᠂ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠪᠠᠲᠤ ᠴᠢᠩᠭ᠎ᠠ ᠰᠠᠬᠢᠯᠭ᠎ᠠ ᠪᠠᠲᠤ ᠣᠪᠣᠷ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ︽ᠡᠳᠦᠷ ᠳᠣᠳᠥᠮ ᠳᠤ ᠪᠠᠨ ᠪᠠᠷᠢᠮᠲᠠᠯᠠᠵᠤ ᠪᠠᠶᠢᠪᠠᠴᠤ ᠦᠯᠦ ᠮᠡᠳᠡᠭᠳᠡᠬᠦ︾ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠬᠡᠷᠡᠭᠲᠡᠢ︔ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠴᠠᠭᠳᠠᠭᠠᠨ ᠤ ᠡᠩᠨᠡᠭᠡ ᠳᠤ ᠣᠷᠣᠭᠰᠠᠨ ᠠᠷᠢᠭᠤᠨ ᠴᠢᠬᠡᠴᠢ ᠶᠢᠨ ᠨᠢᠭᠡᠳᠦᠭᠡᠷ ᠲᠣᠪᠴᠢ ᠶᠢ ᠦᠨᠡᠨ ᠬᠦ ᠰᠠᠶᠢᠲᠤᠷ ᠲᠣᠪᠴᠢᠯᠠᠵᠤ᠂ ᠢᠮᠠᠭᠲᠠ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠵᠠᠯᠠᠭᠤ ᠠᠷᠠᠳ ᠤᠨ ᠴᠠᠭᠳᠠᠭ᠎ᠠ ᠪᠣᠯᠬᠤ ᠬᠡᠷᠡᠭᠲᠡᠢ᠃ ᠡᠯ᠎ᠡ ᠱᠠᠲᠤᠨ ᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠡᠪᠯᠡᠯ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠭᠦᠢᠴᠡᠳᠬᠡᠵᠦ᠂ ᠰᠢᠯᠢᠳᠡᠭ ᠰᠤᠷᠲᠠᠯ ᠢ ᠦᠷᠭᠦᠯᠵᠢᠯᠡᠨ ᠬᠠᠳᠠᠭᠠᠯᠠᠵᠤ᠂ ᠠᠷᠢᠭᠤᠨ ᠴᠢᠬᠡᠴᠢ ᠲᠥᠪ ᠰᠤᠷᠲᠠᠯ ᠢ ᠪᠠᠳᠠᠷᠠᠭᠤᠯᠵᠤ᠂ ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠪᠠᠲᠤ ᠵᠣᠭᠰᠣᠯᠲᠠ ᠪᠣᠯᠤᠨ ᠨᠠᠮ ᠳᠤ ᠬᠥᠮᠦᠨ ᠬᠥᠮᠦᠵᠢᠭᠦᠯᠬᠦ ᠯᠠᠪᠳᠠᠭᠤᠨ ᠪᠠᠲᠤᠲᠠᠢ ᠠᠮᠵᠢᠯᠲᠠ ᠪᠦᠲᠦᠮᠵᠢ ᠪᠠᠷ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠪᠠᠰᠤ ᠵᠣᠬᠢᠬᠤ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠥᠨᠥᠳᠦᠷ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠮᠢᠳᠤᠷᠠᠯ ᠤᠨ ᠠᠶᠠᠯᠠᠯ ᠨᠢᠭᠡᠨᠲᠡ ᠤᠯᠤᠰ ᠤᠨ ᠰᠡᠷᠭᠦᠨ ᠮᠠᠨᠳᠤᠯᠲᠠ ᠶᠢᠨ ᠵᠠᠮ ᠲᠠᠢ ᠬᠠᠮᠲᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠵᠠᠮ ᠳᠤ ᠳᠡᠪᠢᠰᠦᠨ ᠳᠡᠯᠭᠡᠵᠦ᠂ ᠤᠷᠢᠳ ᠡᠮᠦᠨ᠎ᠡ ᠪᠠᠶᠢᠭ᠎ᠠ ᠦᠭᠡᠶ ᠠᠭᠤᠤ ᠶᠡᠭᠡ ᠦᠢᠯᠡᠰ ᠤᠨ ᠡᠮᠦᠨ᠎ᠡ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠡᠷᠡᠮᠡᠬᠡᠶᠢᠯᠡᠨ ᠤᠷᠤᠭᠰᠢᠯᠠᠵᠤ᠂ ᠥᠨᠢ ᠡᠭᠦᠷᠢᠳᠡ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠶᠡᠭᠡ ᠠᠶᠠᠨ ᠵᠠᠮ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠶ᠎ᠡ︕                            ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                            ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠷᠢᠶ᠎ᠠ                               2023 ᠣᠨ ᠤ 5 ᠰᠠᠷ᠎ᠠ ᠶᠢᠨ 4 ᠤ ᠡᠳᠦᠷ
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢᠨ ᠬᠠᠮᠠᠭᠠᠯᠠᠬᠤ ᠲᠢᠩᠬᠢᠮ