ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠠᠨᠬᠤᠸᠠ | ᠬᠤᠶᠠᠳᠤᠭᠠᠷ ᠲᠣᠮᠢᠯᠠᠭᠰᠠᠨ ᠰᠠᠯᠪᠤᠷᠢ ᠠᠵᠢᠯ ᠤᠨ ᠳᠤᠮᠳᠠ ᠪᠠᠨ ᠨᠢᠭᠡᠨ ᠵᠣᠭᠤᠰ ᠮᠦᠷᠦᠶᠢᠴᠡᠭᠰᠡᠨ ᠬᠡᠷᠡᠭ ᠢ ᠪᠠᠶᠢᠴᠠᠭᠠᠨ ᠢᠯᠡᠷᠡᠭᠦᠯᠵᠦ᠂ ᠡᠷᠡᠭᠦᠤ ᠶᠢᠨ ᠬᠡᠷᠡᠭ ᠤᠨ | ᠲᠤᠷᠰᠢᠨ ᠪᠠᠶᠢᠴᠠᠭᠠᠬᠤ ᠶᠡᠭᠡ ᠠᠩᠭᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭ᠎ᠠ ᠶᠢᠨ ᠶᠡᠭᠡ ᠠᠩᠭᠢ ᠲᠠᠢ ᠬᠠᠮᠲᠤᠷᠠᠨ 6 ᠰᠡᠵᠢᠭᠳᠡᠨ ᠢ | ᠪᠠᠷᠢᠪᠴᠢᠯᠠᠵᠤ᠂ 5800 ᠭᠠᠷᠤᠶ ᠲᠥᠭᠦᠷᠢᠭ ᠤᠨ ᠨᠠᠭᠠᠳᠤᠮ ᠤᠨ ᠪᠡᠯᠡ ᠶᠢ ᠬᠤᠷᠢᠶᠠᠪᠠ᠃ | | | | 5 ᠰᠠᠷ᠎ᠠ ᠶᠢᠨ 8 ᠤ ᠡᠳᠦᠷ᠂ ᠪᠠᠶᠠᠨᠬᠤᠸᠠ ᠬᠤᠶᠠᠳᠤᠭᠠᠷ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ ᠤ ᠪᠠᠨ ᠲᠦᠷᠢᠶᠡᠰᠦᠨ ᠬᠡᠷ ᠤᠨ ᠭᠠᠵᠠᠷ ᠳᠣᠤᠷᠠᠬᠢ | ᠬᠡᠷ ᠲᠤ ᠬᠥᠵᠥᠷ ᠢᠶᠠᠷ ᠵᠣᠭᠤᠰ ᠮᠦᠷᠦᠶᠢᠴᠡᠭᠰᠡᠨ ᠠᠮᠤᠷ ᠢ ᠬᠠᠮᠠᠭᠠᠯᠠᠬᠤ ᠬᠡᠷᠡᠭ ᠢ ᠪᠠᠶᠢᠴᠠᠭᠠᠨ ᠭᠠᠷᠭᠠᠵᠤ᠂ ᠵᠣᠭᠤᠰ ᠮᠦᠷᠦᠶᠢᠴᠡᠬᠦ ᠳᠤ ᠣᠷᠣᠯᠴᠠᠭᠰᠠᠨ ᠬᠠᠤᠯᠢ ᠶᠢ | ᠵᠥᠷᠢᠴᠡᠭᠰᠡᠨ 6 ᠬᠥᠮᠦᠨ ᠢ ᠲᠤᠬᠠᠶ ᠶᠢᠨ ᠲᠠᠯᠠᠪᠤᠷ ᠲᠤ ᠨᠢ ᠪᠠᠶᠢᠴᠠᠭᠠᠨ ᠭᠠᠷᠭᠠᠵᠤ᠂ 5800 ᠭᠠᠷᠤᠶ ᠲᠥᠭᠦᠷᠢᠭ ᠤ ᠨᠠᠭᠠᠳᠤᠮ ᠤᠨ ᠪᠡᠯᠡ ᠶᠢ ᠬᠤᠷᠢᠶᠠᠪᠠ᠃ | ᠦᠨᠡᠨ ᠪᠣᠳᠠᠲᠠᠶ ᠪᠠᠶᠢᠴᠠᠭᠠᠯᠲᠠ ᠪᠠᠷ ᠳᠣᠲᠣᠯᠠᠭᠰᠠᠨ ᠤ ᠳᠠᠷᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢᠨ ᠳᠠᠯᠠᠳᠤᠭᠠᠷ ᠵᠦᠢᠯ᠂ ᠠᠷᠪᠠᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ | ᠦᠨᠳᠦᠰᠦᠯᠡᠨ᠂ ᠵᠣᠭᠤᠰ ᠮᠦᠷᠦᠶᠢᠴᠡᠬᠦ ᠳᠤ ᠣᠷᠣᠯᠴᠠᠭᠰᠠᠨ ᠬᠠᠤᠯᠢ ᠶᠢ ᠵᠥᠷᠢᠴᠡᠭᠰᠡᠨ ᠵᠤᠤ ᠣᠪᠣᠭᠲᠤ ᠵᠡᠷᠭᠡ ᠵᠢᠷᠭᠤᠭᠠᠨ ᠬᠥᠮᠦᠨ ᠳᠤ ᠬᠠᠤᠯᠢ ᠶᠣᠰᠣᠭᠠᠷ ᠵᠠᠰᠠᠬ | ᠵᠠᠬᠢᠷᠭᠠᠨ ᠤ ᠰᠢᠳᠭᠡᠯ ᠲᠤᠷᠭᠠᠭᠤᠯᠢ ᠥᠭᠴᠡᠶ᠃ |