︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ — ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠯᠵᠢᠶᠡᠨ ᠳᠡᠭᠡᠷ᠎ᠡ ᠵᠠᠷᠯᠠᠭᠰᠠᠨ ᠣᠷᠭᠤᠳᠠᠭᠤᠯ ᠬᠡᠷᠡᠭᠲᠡᠨ1 ᠬᠥᠮᠥᠨ ᠢ ᠪᠠᠷᠢᠪᠴᠢᠯᠠᠪᠠ
ᠨᠡᠶᠢᠲᠡᠯᠡᠭᠰᠡᠨ ᠴᠠᠭ᠄
2023/6/19
      ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠣᠯ ᠬᠠᠷᠢᠭᠤᠴᠠᠯᠭ᠎ᠠ ᠭᠤᠣᠯ ᠠᠵᠢᠯ ᠳᠤ ᠪᠠᠨ ᠰᠠᠭᠤᠷᠢᠯᠠᠨ᠂ ᠰᠦᠯᠵᠢᠶᠡᠨ ᠳᠡᠭᠡᠷᠡᠬᠢ ᠣᠷᠭᠤᠳᠠᠭᠤᠯ ᠬᠡᠷᠡᠭᠲᠡᠨ ᠢ ᠵᠠᠳᠠᠯᠬᠤ᠂ ᠰᠤᠳᠤᠯᠤᠨ ᠮᠠᠭᠠᠳᠯᠠᠬᠤ ᠪᠠ ᠪᠠᠷᠢᠪᠴᠢᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠤᠷ ᠲᠦᠪᠰᠢᠨ᠂  ᠲᠠᠶᠢᠪᠤᠩ ᠲᠣᠭᠲᠠᠭᠤᠨ᠂ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠪᠠ᠃
640.jpg
      6 ᠰᠠᠷ᠎ᠠ ᠶᠢᠨ 14 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨᠡᠪᠤᠯᠠᠭ ᠪᠠᠯᠭᠠᠰᠤᠨ ᠤ ᠲᠣᠮᠢᠯᠠᠭᠰᠠᠨ ᠰᠠᠯᠪᠤᠷᠢ ᠠᠵᠢᠯ ᠤᠨ ᠳᠤᠮᠳᠠ ᠪᠠᠨ ᠨᠢᠭᠡ ᠣᠷᠭᠤᠳᠠᠭᠤᠯ ᠬᠡᠷᠡᠭᠲᠡᠨ ᠲᠣᠮᠢᠯᠠᠭᠰᠠᠨ ᠰᠠᠯᠪᠤᠷᠢ ᠶᠢᠨ ᠬᠠᠷᠢᠶ᠎ᠠ ᠣᠷᠣᠨ ᠳᠤ ᠪᠠᠶᠢᠬᠤ ᠶᠢ ᠢᠯᠡᠷᠡᠭᠦᠯᠪᠡ᠃ ᠲᠣᠮᠢᠯᠠᠭᠰᠠᠨ ᠰᠠᠯᠪᠤᠷᠢ ᠲᠡᠷᠡ ᠳᠠᠷᠤᠢ ᠳᠤ ᠨᠢ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠤᠨ ᠲᠣᠰ ᠬᠡᠷᠡᠭᠳᠡᠨ ᠢ ᠪᠠᠷᠢᠪᠴᠢᠯᠠᠬᠤ  ᠳᠤᠰᠬᠠᠢ ᠲᠤᠭᠤᠶᠢᠯᠠᠩ ᠪᠠᠶᠢᠭᠤᠯᠵᠤ᠂ ᠠᠷᠠᠳ ᠤᠨ ᠴᠠᠭᠳᠠᠭ᠎ᠠ ᠨᠠᠷ ᠨᠠᠷᠢᠨ ᠨᠢᠮᠪᠠᠢ ᠳᠡᠩᠨᠡᠨ ᠪᠠᠶᠢᠴᠠᠭᠠᠵᠤ᠂ ᠣᠨᠣᠴᠢᠲᠠᠢ ᠪᠠᠷ ᠡᠵᠡᠮᠳᠡᠨ᠂ ᠦᠳᠲᠡᠷ ᠲᠦᠷᠭᠡᠨ ᠢᠶᠠᠷ ᠳᠠᠭᠠᠷᠢᠯᠲᠠ ᠶᠠᠪᠤᠭᠤᠯᠤᠭᠰᠠᠨ ᠢᠶᠠᠷ ᠰᠦᠯᠵᠢᠶᠡᠨ ᠳᠡᠭᠡᠷ᠎ᠡ ᠪᠠᠷᠢᠪᠴᠢᠯᠠᠬᠤ ᠪᠠᠷ ᠵᠠᠷᠯᠠᠭᠰᠠᠨ ᠬᠤᠤ ᠣᠪᠣᠭᠲᠤ ᠶᠢ ᠠᠮᠵᠢᠯᠲᠠ ᠲᠠᠢ ᠪᠠᠷ ᠪᠠᠷᠢᠪᠴᠢᠯᠠᠵᠠᠢ᠃ ᠪᠠᠶᠢᠴᠠᠭᠠᠭᠰᠠᠨ ᠢᠶᠠᠷ᠂ ᠶᠠᠯ᠎ᠠ ᠬᠢᠭᠰᠡᠨ ᠰᠡᠵᠢᠭᠲᠡᠨ ᠬᠤᠸ ᠣᠪᠣᠭᠲᠤ ᠪᠤᠰᠤᠳ ᠢ ᠬᠠᠪᠰᠤᠷᠤᠨ ᠴᠠᠬᠢᠯᠭᠠᠨ ᠬᠤᠯᠪᠣᠭ᠎ᠠ ᠰᠦᠯᠵᠢᠶ᠎ᠡ ᠮᠡᠬᠡᠯᠡᠯ ᠪᠠ ᠵᠣᠭᠤᠰ ᠤᠬᠢᠶᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ ᠰᠡᠵᠢᠭᠯᠡᠯᠲᠡᠢ ᠪᠠᠶᠢᠵᠤ᠂ 2023 ᠣᠨ ᠤ 6 ᠰᠠᠷ᠎ᠠ ᠶᠢᠨ 12 ᠤᠨ ᠡᠳᠦᠷ ᠱᠠᠨᠰᠢ ᠮᠤᠵᠢ ᠶᠢᠨ ᠹᠧᠨᠶᠠᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠰᠦᠯᠵᠢᠶᠡᠨ ᠳᠡᠭᠡᠷᠡᠬᠢ ᠣᠷᠭᠤᠳᠤᠤᠯ ᠬᠡᠷᠡᠭᠲᠡᠨ ᠢᠶᠠᠷ ᠵᠢᠭᠰᠠᠭᠠᠭᠳᠠᠵᠠᠢ᠃      ᠣᠳᠣᠬᠠᠨ ᠳᠤ᠂ ᠶᠠᠯ᠎ᠠ ᠬᠢᠭᠰᠡᠨ ᠰᠡᠵᠢᠭᠲᠡᠨ ᠬᠤᠤ ᠣᠪᠣᠭᠲᠤ ᠨᠢᠭᠡᠨᠲᠡ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠰᠢᠯᠵᠢᠭᠦᠯᠦᠨ ᠲᠤᠰᠢᠶᠠᠬᠤ ᠭᠠᠷ ᠭᠦᠢᠴᠡᠳᠬᠡᠯ ᠢ ᠶᠠᠭ ᠬᠢᠵᠦ ᠪᠠᠶᠢᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ