ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠪᠣᠯᠤᠨ ᠪᠠᠶᠠᠨᠪᠤᠯᠠᠭ ᠭᠠᠴᠠᠭ᠎ᠠ ᠶᠢᠨ ᠨᠠᠮ ᠤᠨ ᠡᠭᠦᠷ ᠬᠠᠮᠲᠤᠷᠠᠨ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/6/20
    5 ᠰᠠᠷ᠎ᠠ ᠶᠢᠨ 30 ᠤ ᠡᠳᠦᠷ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠬᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠬᠦ ᠶᠢ ᠠᠬᠢᠭᠤᠯᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠪᠣᠯᠤᠨ ᠪᠠᠶᠠᠨᠪᠤᠯᠠᠭ ᠭᠠᠴᠠᠭ᠎ᠠ ᠶᠢᠨ ᠨᠠᠮ ᠤᠨ ᠡᠭᠦᠷ ᠬᠠᠮᠲᠤᠷᠠᠨ ︽ᠨᠠᠮ ᠤᠨ ᠳᠤᠬ ᠢ ᠨᠠᠮᠢᠷᠠᠭᠤᠯᠤᠨ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠳᠤ ᠬᠠᠮᠤᠭ ᠤᠨ ᠳᠡᠷᠢᠭᠦᠨ ᠳᠤ ᠣᠷᠤᠯᠴᠠᠬᠤ︾ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤᠮᠳᠠᠬᠢ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃     ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠡᠭᠦᠷ ᠤᠨ ᠨᠠᠮ ᠤᠨ ᠠᠵᠢᠯ ᠤᠨ ᠠᠵᠢᠯᠲᠠᠳ ᠪᠠᠶᠠᠨᠪᠤᠯᠠᠭ ᠭᠠᠴᠠᠭ᠎ᠠ ᠶᠢᠨ ᠨᠠᠮ ᠤᠨ ᠡᠭᠦᠷ ᠤᠨ ᠪᠥᠬᠦ ᠨᠠᠮ ᠤᠨ ᠭᠡᠰᠢᠭᠦᠳ ᠲᠠᠢ ᠬᠠᠮᠲᠤ ᠪᠠᠷ ︽ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠪᠠ᠃ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠭᠦᠯᠪᠡ᠃      ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠡᠯ᠎ᠡ ᠨᠠᠮ ᠤᠨ ᠡᠭᠦᠷ ᠤᠨ ᠨᠠᠮ ᠤᠨ ᠠᠵᠢᠯ ᠤᠨ ᠠᠵᠢᠯᠲᠠᠳ ᠪᠠᠶᠠᠨᠪᠤᠯᠠᠭ ᠭᠠᠴᠠᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠠᠵᠠᠷ ᠲᠤ ︽ᠨᠠᠮ ᠤᠨ ᠪᠠᠶᠢᠭᠤᠯᠤᠯᠲᠠ ᠶᠢᠨ ᠲᠤᠬᠠᠢ ᠲᠣᠭᠤᠷᠢᠨ ᠦᠵᠡᠵᠦ ᠰᠣᠯᠢᠯᠴᠠᠭ᠎ᠠ ᠶᠢ ᠠᠬᠢᠭᠤᠯᠵᠤ ᠪᠠᠷᠢᠮᠵᠢᠶ᠎ᠠ ᠶᠢ ᠬᠠᠷᠢᠴᠠᠭᠤᠯᠤᠨ ᠵᠦᠷᠢᠶ᠎ᠡ ᠶᠢ ᠨᠢ ᠡᠷᠢᠵᠦ ᠲᠠᠬᠢᠨ ᠳᠡᠭᠡᠭᠰᠢᠯᠡᠭᠦᠯᠬᠦ︾ ᠠᠵᠢᠯᠯᠠᠭ᠎ᠠ ᠥᠷᠨᠢᠭᠦᠯᠵᠦ᠂ ᠰᠣᠯᠢᠯᠴᠠᠨ ᠰᠤᠷᠤᠯᠴᠠᠬᠤ᠂ ᠲᠣᠬᠠᠢ ᠤᠨ ᠭᠠᠵᠠᠷ ᠢ ᠲᠣᠭᠤᠷᠢᠨ ᠦᠵᠡᠬᠦ ᠵᠡᠷᠭᠡ ᠠᠵᠢᠯᠯᠠᠭ᠎ᠠ ᠥᠷᠨᠢᠭᠦᠯᠵᠡᠢ᠃     ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠡᠭᠦᠷ ᠤᠨ ᠨᠠᠮ ᠤᠨ ᠠᠵᠢᠯ ᠤᠨ ᠠᠵᠢᠯᠲᠠᠳ ᠪᠠᠶᠠᠨᠪᠤᠯᠠᠭ ᠭᠠᠴᠠᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ ᠨᠠᠮ ᠤᠨ ᠭᠡᠰᠢᠭᠦᠨ ᠺᠠᠳ᠋ᠷᠴᠤᠳ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠨᠠᠷᠢᠨ ᠬᠢᠨᠠᠮᠠᠭᠠᠶ ᠴᠡᠪᠡᠷᠯᠡᠵᠦ᠂ ᠬᠠᠮᠲᠤ ᠪᠠᠷ ᠵᠠᠮ ᠤᠨ ᠬᠠᠵᠠᠭᠤ ᠶᠢᠨ ᠬᠤᠭ ᠨᠣᠪᠰᠢ ᠶᠢ ᠲᠡᠭᠦᠵᠦ᠂ ᠴᠡᠪᠡᠷᠯᠡᠵᠦ ᠳᠠᠭᠤᠰᠤᠭᠰᠠᠨ ᠬᠤᠭ ᠨᠣᠪᠰᠢ ᠶᠢᠨ ᠣᠪᠣᠭᠠᠨ ᠢ ᠲᠣᠭᠲᠠᠭᠰᠠᠨ ᠬᠤᠭ ᠨᠣᠪᠰᠢ ᠶᠢᠨ ᠣᠪᠣᠭᠠᠨ ᠳᠤ ᠴᠠᠭ ᠲᠤᠬᠠᠶ ᠳᠤ ᠨᠢ ᠲᠠᠯᠪᠢᠵᠤ᠂ ᠭᠠᠴᠠᠭᠠᠨ ᠤ ᠣᠷᠴᠢᠨ ᠲᠣᠭᠤᠷᠢᠨ ᠢ ᠪᠦᠲᠦᠮᠵᠢᠲᠡᠶ ᠪᠠᠷ ᠰᠠᠶᠢᠵᠢᠷᠠᠭᠤᠯᠵᠠᠶ᠃     ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠯ᠎ᠡ ᠲᠥᠷᠥᠯ ᠤᠨ ᠣᠷᠴᠢᠨ ᠠᠬᠤᠶ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠬᠢᠭᠡᠳ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠰᠠᠯᠲᠠ ᠶᠢᠨ ᠣᠨᠣᠯ ᠢ ᠤᠯᠠᠮ ᠨᠢᠭᠡ ᠠᠯᠬᠤᠮ ᠠᠬᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ