ᠪᠣᠳᠠᠲᠤ ᠪᠠᠶᠢᠯᠳᠤᠭᠠᠨ ᠤ ᠬᠡᠪ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠵᠦ ᠬᠠᠮᠤᠭ ᠤᠨ ᠪᠠᠭ᠎ᠠ ᠪᠠᠶᠢᠯᠳᠤᠬᠤ ᠨᠢᠭᠡᠴᠢ ᠶᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2023/6/20
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠬᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠳᠤ ᠢᠳᠡᠪᠬᠢᠲᠡᠶ ᠪᠡᠯᠡᠳᠬᠡᠯ ᠬᠢᠬᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠬᠡᠪ ᠴᠢᠨᠠᠷ ᠢᠶᠠᠨ ᠴᠢᠩᠭᠠᠳᠬᠠᠬᠤ︾ ᠶᠢ ᠴᠢᠩᠭ᠎ᠠ ᠨᠠᠶᠢᠳᠠᠪᠤᠷᠢᠵᠢᠭᠤᠯᠬᠤ — ︽ᠬᠠᠮᠤᠭ ᠤᠨ ᠪᠠᠭ᠎ᠠ ᠪᠠᠶᠢᠯᠳᠤᠭᠠᠨ ᠤ ᠨᠢᠭᠡᠴᠢ︾ ᠶᠢᠨ ᠲᠤᠰᠬᠠᠶ ᠠᠵᠢᠯᠯᠠᠭ᠎ᠠ ᠶᠢᠨ ᠲᠣᠬᠢᠷᠠᠭᠤᠯᠤᠯᠲᠠ ᠶᠢ ᠰᠠᠶᠢᠲᠤᠷ ᠬᠢᠬᠦ ᠶᠢᠨ ᠲᠥᠯᠥᠭᠡ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠶᠢᠨ ᠪᠣᠯᠪᠠᠰᠤᠷᠠᠯ ᠤᠨ ᠰᠠᠯᠪᠤᠷᠢ ᠠᠩᠭᠢ 5 ᠰᠠᠷ᠎ᠠ ᠶᠢᠨ 18 ᠤ ᠡᠳᠦᠷ ᠠᠴᠠ 6 ᠰᠠᠷ᠎ᠠ ᠶᠢᠨ 2 ᠤᠨ ᠡᠳᠦᠷ ᠪᠣᠯᠲᠠᠯ᠎ᠠ 18 ᠡᠳᠦᠷ ᠤᠨ ᠬᠤᠭᠤᠴᠠᠭ᠎ᠠ ᠲᠠᠢ ᠴᠠᠭᠳᠠᠭ᠎ᠠ ᠶᠢᠨ ︽ᠬᠠᠮᠤᠭ ᠤᠨ ᠪᠠᠭ᠎ᠠ ᠪᠠᠶᠢᠯᠳᠤᠭᠠᠨ ᠤ ᠨᠢᠭᠡᠴᠢ︾ ᠶᠢᠨ ᠲᠤᠰᠬᠠᠶ ᠪᠣᠯᠪᠠᠰᠤᠷᠠᠯ ᠤᠨ ᠠᠩᠭᠢ ᠵᠢᠴᠢ ᠲᠤᠬᠠᠶ ᠶᠢᠨ ᠲᠠᠯᠠᠪᠤᠷ ᠤᠨ ᠰᠢᠢᠳᠪᠦᠷᠢᠯᠡᠯᠲᠡ ᠶᠢᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 18 ᠬᠤᠰᠢᠭᠤ ᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ︵ᠬᠤᠪᠢᠶᠠᠷᠢ︶ ᠲᠣᠪᠴᠢᠶ᠎ᠠ᠂ ᠰᠢᠭᠤᠳ ᠬᠠᠷᠢᠶ᠎ᠠ ᠬᠤᠪᠢᠶᠠᠷᠢ ᠲᠣᠪᠴᠢᠶ᠎ᠠ ᠶᠢᠨ 80 ᠭᠠᠷᠤᠶ ᠪᠣᠯᠪᠠᠰᠤᠷᠠᠯ ᠤᠨ ᠭᠤᠤᠯᠯᠠᠭᠴᠢ ᠬᠦᠴᠦᠨ ᠲᠣᠰ ᠤᠳᠠᠭᠠᠨ ᠤ ᠪᠣᠯᠪᠠᠰᠤᠷᠠᠯ ᠪᠠ ᠰᠣᠷᠢᠯᠲᠠ ᠳᠤ ᠣᠷᠣᠯᠴᠠᠵᠠᠶ᠃ ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠡᠳᠦᠷ ᠲᠤᠲᠤᠮ ᠤᠨ ᠦᠶᠯᠡᠴᠢᠯᠡᠭᠡ︾ ᠶᠢ ︽ᠪᠠᠴᠢᠮ ᠪᠠᠶᠢᠳᠠᠯ ᠢ ᠠᠷᠭᠠᠴᠠᠬᠤ ᠪᠣᠳᠠᠲᠤ ᠪᠠᠶᠢᠯᠳᠤᠭᠠᠨ︾ ᠳᠠᠰᠢ ᠬᠤᠪᠢᠷᠠᠭᠤᠯᠬᠤ ᠠᠵᠢᠯ ᠤᠨ ᠵᠠᠭᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ︽ᠬᠠᠮᠤᠭ ᠤᠨ ᠪᠠᠭ᠎ᠠ ᠪᠠᠶᠢᠯᠳᠤᠭᠠᠨ ᠤ ᠨᠢᠭᠡᠴᠢ︾ ᠶᠢ ᠨᠠᠷᠢᠯᠢᠭ ᠬᠢᠬᠦ ᠪᠠᠷ ᠭᠠᠷᠳᠠᠬᠤ ᠴᠡᠭ ᠪᠣᠯᠭᠠᠵᠤ᠂ ᠬᠤᠪᠢ ᠬᠥᠮᠦᠨ ᠤ ᠲᠦᠢᠯ ᠤᠨ ᠬᠦᠴᠦᠷᠬᠡᠭᠯᠡᠯ ᠢᠶᠠᠷ ᠴᠠᠭᠳᠠᠭ᠎ᠠ ᠶᠢᠨ ᠪᠠᠶᠢᠳᠠᠯ ᠳᠤ ᠴᠢᠭᠯᠡᠭᠦᠯᠦᠨ᠂ ᠳᠠᠭᠠᠷᠢᠬᠤ ᠬᠤᠷᠢᠭᠯᠠᠬᠤ ᠮᠡᠷᠭᠡᠵᠢᠯ᠂ ᠴᠠᠭᠳᠠᠭ᠎ᠠ ᠶᠢᠨ ᠳᠤᠭᠤᠶᠢᠯᠠᠩ ᠤᠨ ᠵᠢᠭᠰᠠᠭᠠᠯ ᠢ ᠬᠤᠪᠢᠷᠠᠭᠤᠯᠬᠤ᠂ ᠪᠣᠳᠠᠲᠤ ᠴᠠᠭᠳᠠᠭ᠎ᠠ ᠶᠢᠨ ᠡᠰᠡᠷᠭᠦᠴᠡᠯᠳᠦᠯ ᠤᠨ ︽ᠭᠤᠷᠪᠠ ᠶᠢ ᠨᠢᠭᠡ ᠴᠤᠭᠴᠠᠵᠢᠭᠤᠯᠬᠤ︾ ᠪᠣᠯᠪᠠᠰᠤᠷᠠᠯ ᠤᠨ ᠬᠢᠴᠢᠶᠡᠯ ᠲᠥᠷᠥᠯ ᠢ ᠳᠣᠭᠢᠷᠠᠭᠤᠯᠪᠠ᠃ ᠪᠣᠯᠪᠠᠰᠤᠷᠠᠯ ᠤᠨ ᠰᠠᠯᠪᠤᠷᠢ ᠠᠩᠭᠢ ᠡᠮᠦᠨᠡᠬᠢ ᠬᠤᠭᠤᠴᠠᠭᠠᠨ ᠤ ︽T ᠦᠰᠦᠭ︾ ᠤᠨ ᠡᠭᠡᠯᠵᠢᠯᠡᠨ ᠪᠣᠯᠪᠠᠰᠤᠷᠠᠬᠤ ᠠᠷᠭ᠎ᠠ ᠶᠢᠨ ᠰᠠᠭᠤᠷᠢᠨ ᠳᠡᠭᠡᠷ᠎ᠡ᠂ ᠴᠠᠭᠳᠠᠭᠠᠨ ᠤ ᠳᠤᠭᠤᠶᠢᠯᠠᠩ ᠤᠨ ᠵᠢᠭᠰᠠᠭᠠᠯ ᠢ ᠬᠤᠪᠢᠷᠠᠭᠤᠯᠬᠤ ᠠᠷᠭ᠎ᠠ ᠶᠢ ᠥᠷᠭᠡᠳᠬᠡᠨ ᠪᠤᠶ ᠪᠣᠯᠭᠠᠵᠤ᠂ ᠴᠠᠭᠳᠠᠭᠠᠨ ᠤ ᠳᠤᠭᠤᠶᠢᠯᠠᠩ ᠤᠨ ᠪᠠᠴᠢᠮ ᠪᠠᠶᠢᠳᠠᠯ ᠢ ᠠᠷᠭᠠᠴᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠶᠠᠪᠤᠴᠠ ᠳᠤ ᠠᠵᠢᠯᠯᠠᠭ᠎ᠠ ᠳᠡᠭᠡᠷ᠎ᠡ ᠪᠠᠨ ᠲᠦᠷᠭᠡᠨ ᠲᠤᠰᠬᠠᠯ ᠭᠠᠷᠭᠠᠵᠤ᠂ ᠪᠠᠶᠢᠯᠳᠤᠬᠤ ᠠᠷᠭ᠎ᠠ ᠶᠢᠨ ᠲᠠᠯ᠎ᠠ ᠪᠠᠷ ᠨᠢᠭᠲᠠ ᠬᠠᠮᠵᠢᠯᠴᠠᠵᠤ᠂ ᠮᠡᠷᠭᠡᠵᠢᠯ ᠤᠨ ᠲᠠᠯ᠎ᠠ ᠪᠠᠷ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠭᠤᠷᠪᠠᠨ ᠶᠡᠭᠡ ᠳᠠᠪᠠᠭᠤᠯᠢᠭ ᠢ ᠳᠣᠪᠤᠶᠢᠯᠭᠠᠵᠤ᠂ ︽ᠭᠤᠷᠪᠠ ᠶᠢ ᠬᠤᠪᠢᠷᠠᠭᠤᠯᠵᠤ ᠨᠢᠭᠡ ᠶᠢ ᠳᠡᠭᠡᠭᠰᠢᠯᠡᠭᠦᠯᠬᠦ︾ ᠶᠢ ᠪᠡᠶᠡᠯᠡᠭᠦᠯᠦᠨ᠎ᠡ᠂ ᠲᠤᠬᠠᠶᠢᠯᠠᠪᠠᠯ ᠲᠠᠩ ᠭᠠᠭᠴᠠ ᠠᠶᠤᠯ ᠤᠨ ᠡᠬᠢ ᠠᠴᠠ ᠣᠯᠠᠨ ᠠᠶᠤᠯ ᠤᠨ ᠡᠬᠢ ᠳᠠᠰᠢ ᠬᠤᠪᠢᠷᠠᠭᠤᠯᠬᠤ᠂ ᠲᠠᠩ ᠭᠠᠭᠴᠠ ᠴᠢᠭᠯᠡᠯ ᠠᠴᠠ ᠣᠯᠠᠨ ᠴᠢᠭᠯᠡᠯ ᠳᠠᠰᠢ ᠬᠤᠪᠢᠷᠠᠭᠤᠯᠬᠤ᠂ ᠲᠠᠩ ᠭᠠᠭᠴᠠ ᠲᠠᠭᠠᠷᠢᠯᠲᠠ ᠶᠢᠨ ᠴᠡᠭ ᠠᠴᠠ ᠣᠯᠠᠨ ᠲᠠᠭᠠᠷᠢᠯᠲᠠ ᠶᠢᠨ ᠴᠡᠭ ᠳᠠᠰᠢ ᠬᠤᠪᠢᠷᠠᠭᠤᠯᠬᠤ ᠪᠠ ᠲᠠᠩ ᠭᠠᠭᠴᠠ ᠴᠠᠭᠳᠠᠭᠠᠨ ᠤ ᠳᠤᠭᠤᠶᠢᠯᠠᠩ ᠤᠨ ᠠᠷᠭᠠᠴᠠᠬᠤ ᠶᠢ ᠣᠯᠠᠨ ᠴᠠᠭᠳᠠᠭᠠᠨ ᠤ ᠳᠤᠭᠤᠶᠢᠯᠠᠩ ᠳᠠᠰᠢ ᠥᠨᠳᠥᠷ ᠪᠦᠲᠦᠮᠵᠢᠲᠡᠶ ᠪᠠᠷ ᠬᠤᠯᠪᠣᠭᠠᠯᠠᠨ ᠬᠥᠳᠡᠯᠦᠯᠴᠡᠵᠦ ᠳᠡᠭᠡᠭᠰᠢᠯᠡᠭᠦᠯᠬᠦ ᠶᠢ ᠪᠡᠶᠡᠯᠡᠭᠦᠯᠵᠦ᠂ ᠴᠠᠭᠳᠠᠭᠠᠨ ᠤ ᠳᠤᠭᠤᠶᠢᠯᠠᠩ ᠤᠨ ᠬᠠᠮᠵᠢᠯᠴᠠᠬᠤ ᠬᠠᠮᠤᠭ ᠤᠨ ᠶᠡᠭᠡ ᠦᠢᠯᠡᠳᠦᠯ ᠴᠢᠳᠠᠪᠤᠷᠢ ᠶᠢ ᠪᠦᠲᠦᠮᠵᠢᠲᠡᠶ ᠪᠠᠳᠠᠷᠠᠭᠤᠯᠤᠨ᠎ᠠ᠃ ᠡᠴᠦᠰ ᠲᠤ ᠪᠠᠨ ︽ᠳᠠᠶᠢᠰᠤᠨ ᠤ ᠪᠠᠶᠢᠳᠠᠯ ᠢ ᠬᠥᠲᠥᠯᠥᠨ ᠵᠢᠯᠣᠭᠤᠳᠴᠤ᠂ ᠴᠠᠭ ᠲᠤᠬᠠᠶ ᠳᠤ ᠨᠢ ᠪᠠᠶᠢᠯᠳᠤᠬᠤ︾ ᠠᠷᠭ᠎ᠠ ᠪᠠᠷ ᠡᠰᠡᠷᠭᠦᠴᠡᠯᠳᠦᠬᠦ ᠰᠣᠷᠢᠯᠲᠠ ᠬᠢᠵᠦ᠂ ᠪᠠᠶᠢᠯᠳᠤᠭᠠᠨ ᠳᠤ ᠣᠷᠣᠯᠴᠠᠬᠤ ᠤᠬᠠᠮᠰᠠᠷ ᠢ ᠪᠤᠢ ᠪᠣᠯᠭᠠᠬᠤ᠂ ᠪᠣᠳᠠᠲᠤ ᠪᠠᠶᠢᠯᠳᠤᠭᠠᠨ ᠤ ᠴᠢᠳᠠᠪᠤᠷᠢ ᠶᠢ ᠪᠣᠯᠪᠠᠰᠤᠷᠠᠭᠤᠯᠬᠤ᠂ ᠪᠣᠯᠪᠠᠰᠤᠷᠠᠯ ᠤᠨ ᠦᠷ᠎ᠡ ᠪᠦᠲᠦᠮᠵᠢ ᠶᠢ ᠰᠢᠯᠭᠠᠬᠤ ᠰᠣᠷᠢᠯᠲᠠ ᠶᠢᠨ ᠵᠣᠷᠢᠯᠭ᠎ᠠ ᠳᠤ ᠬᠦᠷᠴᠡᠶ᠃      ᠢᠯᠠᠯᠲᠠ ᠶᠢᠨ ᠡᠷᠴᠢᠨ ᠳᠡᠭᠡᠷ᠎ᠡ ᠰᠢᠨ᠎ᠡ ᠪᠠᠶᠢᠳᠠᠯ ᠢ ᠨᠡᠭᠡᠭᠡᠵᠦ᠂ ᠡᠷᠡᠮᠡᠬᠡᠶᠢᠯᠡᠨ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ᠳᠠᠷᠠᠭᠠᠴᠢ ᠶᠢᠨ ᠠᠯᠬᠤᠮ ᠳᠤ᠂ ᠠᠷᠠᠳ ᠤᠨ ᠴᠠᠭᠳᠠᠭ᠎ᠠ ᠶᠢᠨ ᠪᠣᠯᠪᠠᠰᠤᠷᠠᠯ ᠤᠨ ᠰᠠᠯᠪᠤᠷᠢ ᠠᠩᠭᠢ ᠦᠷᠭᠦᠯᠵᠢᠯᠡᠨ ᠦᠨᠳᠦᠰᠦᠨ ᠱᠠᠲᠤᠨ ᠤ ᠬᠡᠷᠡᠭᠴᠡᠭᠡ ᠪᠠᠷ ᠬᠦᠴᠦᠯᠡᠬᠦ ᠴᠡᠭ ᠪᠣᠯᠭᠠᠵᠤ᠂ ᠦᠨᠳᠦᠰᠦᠨ ᠱᠠᠲᠤᠨ ᠳᠤ ᠰᠤᠷᠭᠠᠨ ᠬᠥᠮᠦᠵᠢᠯ ᠢ ᠬᠦᠷᠭᠡᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠪᠣᠯᠪᠠᠰᠤᠷᠠᠯ ᠢ ᠥᠷᠨᠢᠭᠦᠯᠦᠭᠰᠡᠨ ᠪᠠᠶᠢᠳᠠᠯ ᠢ ᠭᠦᠨᠵᠡᠭᠡᠶ ᠪᠠᠶᠢᠴᠠᠭᠠᠨ ᠰᠤᠳᠤᠯᠵᠤ᠂ ᠴᠠᠭᠳᠠᠭ᠎ᠠ ᠶᠢ ᠬᠦᠴᠦᠷᠬᠡᠭᠵᠢᠭᠦᠯᠬᠦ ᠬᠡᠪ ᠴᠢᠨᠠᠷ ᠤᠨ ᠰᠣᠯᠢᠯᠴᠠᠭ᠎ᠠ ᠳᠤ ᠢᠳᠡᠪᠬᠢᠲᠡᠶ ᠪᠠᠷ ᠪᠡᠯᠡᠳᠬᠡᠯ ᠬᠢᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠳᠣᠲᠣᠭᠠᠳᠤ ᠶᠢ ᠬᠠᠮᠠᠭᠠᠯᠠᠬᠤ ᠰᠤᠷᠭᠠᠨ ᠬᠥᠮᠦᠵᠢᠯ ᠪᠣᠯᠪᠠᠰᠤᠷᠠᠯ ᠤᠨ ᠦᠢᠯᠡᠰ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠤᠨᠢᠨ ᠳᠡᠭᠡᠷ᠎ᠡ ᠨᠢ ᠳᠡᠭᠡᠭᠰᠢᠯᠡᠭᠦᠯᠵᠦ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠳᠤ ᠪᠠᠲᠤ ᠪᠠᠬᠢ ᠪᠠᠬᠢᠯᠡᠯᠲᠡ ᠶᠢ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠢ ᠬᠠᠮᠠᠭᠠᠯᠠᠶ᠎ᠠ︕
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ