ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠪᠠᠶᠠᠠᠦ᠋ᠨᠲᠦᠷ ᠰᠤᠮᠤᠨ ᠳᠤ ᠭᠦᠨᠵᠡᠭᠡᠶᠢᠷᠡᠵᠦ ︽ᠣᠲᠤᠷ ︿ᠣᠨᠣᠯ +﹀︾ ᠶᠢ ᠤᠬᠠᠭᠤᠯᠤᠨ ᠲᠠᠶᠢᠯᠪᠤᠷᠢᠯᠠᠵᠤ ᠲᠣᠬᠤᠨᠢᠭᠤᠯᠬᠤ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/6/21
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠦᠨᠳᠦᠰᠦᠲᠡᠨ ᠪᠠ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠵᠤ᠂ ︽ᠣᠲᠤᠷ︾ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠪᠠᠶᠢᠭᠤᠯᠵᠤ᠂ ︽ᠤᠨᠤᠯ +︾ ᠨᠡᠭᠦᠳᠡᠯ ᠮᠠᠶ᠋ᠢᠭ ᠤᠨ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠨᠠᠮ ᠤᠨ ᠰᠢᠨ᠎ᠡ ᠡᠭᠦᠳᠬᠦ ᠣᠨᠤᠯ ᠢ ᠳᠠᠰᠤᠷᠠᠯᠲᠠ ᠦᠭᠡᠢ ︽ᠡᠭᠡᠯ ᠠᠷᠠᠳ ᠤᠨ ᠡᠷᠥᠬᠡ ᠳᠤ ᠭᠦᠨᠵᠡᠭᠡᠶᠢᠷᠡᠭᠦᠯᠬᠦ︾ ᠶᠢ ᠠᠬᠢᠭᠤᠯᠪᠠ᠃ 4 ᠳ᠋ᠦ᠋ᠭᠡᠷ ᠰᠠᠷ᠎ᠠ ᠶᠢᠨ 25 ᠤ ᠡᠳᠦᠷ᠂ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ᠬᠢᠨ ︽ᠣᠲᠤᠷ ︿ᠣᠨᠣᠯ +﹀︾ ᠨᠡᠭᠦᠳᠡᠯ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠪᠠᠶᠠᠠᠦ᠋ᠨᠲᠦᠷ ᠰᠤᠮᠤ ᠶᠢᠨ ᠮᠠᠨᠢᠲᠤ ᠭᠠᠴᠠᠭ᠎ᠠ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠣᠯᠤᠨ ᠮᠠᠯᠵᠢᠬᠤ ᠣᠷᠣᠨ ᠤ ᠣᠯᠠᠨ ᠲᠦᠮᠡᠨ ᠳᠤ ᠣᠶᠤᠨ ᠰᠠᠨᠠᠭᠠᠨ ᠤ ᠦᠪᠡᠳᠡᠭᠰᠢ ᠨᠠᠶᠢᠷ ᠢ ᠬᠦᠷᠭᠡᠪᠡ᠃
舞蹈奔腾.JPG  
     ᠠᠵᠢᠯᠯᠠᠭ᠎ᠠ ᠶᠢᠨ ᠳᠤᠮᠳᠠ᠂ ᠢᠷᠠᠭᠤ ᠰᠠᠶᠢᠬᠠᠨ ᠪᠠᠶᠠᠷ ᠬᠦᠷ ᠲᠠᠢ ᠦᠨᠳᠦᠰᠦᠲᠡᠨ ᠤ ᠪᠥᠵᠢᠭ ︽ᠳᠠᠪᠬᠢᠯᠲᠠ︾ ᠪᠠᠷ ᠲᠣᠬᠤᠨᠢᠭᠤᠯᠬᠤ ᠲᠣᠭᠯᠠᠯᠲᠠ ᠬᠥᠰᠢᠭᠡ ᠪᠠᠨ ᠰᠡᠬᠦᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠣᠯᠣᠭᠠᠢ ᠥᠨᠳᠡᠶᠢᠨ ᠬᠦᠰᠡᠨ ᠬᠦᠯᠢᠶᠡᠵᠦ᠂ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠡ ᠦᠭᠡᠢ ᠴᠤᠤᠷᠢᠶᠠᠲᠤᠯ᠎ᠠ᠃ ︽ᠬᠤᠷᠢᠳᠤᠭᠠᠷ ᠶᠡᠭᠡ ᠬᠤᠷᠠᠯ ᠢᠶᠠᠨ ᠮᠠᠭᠲᠠᠨ ᠳᠠᠭᠤᠯᠠᠨ᠂ ᠰᠢᠨ᠎ᠡ ᠴᠠᠭ ᠦᠶ᠎ᠡ ᠳᠤ ᠪᠠᠨ ᠭᠠᠪᠢᠶ᠎ᠠ ᠪᠠᠶᠢᠭᠤᠯᠤᠶ᠎ᠠ︾ ᠭᠡᠬᠦ ᠰᠢᠯᠦᠭ ᠢ ᠤᠶᠠᠩᠭᠠᠯᠠᠨ ᠤᠩᠰᠢᠵᠤ᠂ ᠨᠠᠮ ᠤᠨ ᠬᠠᠯᠠᠮᠵᠢᠯᠠᠯ ᠪᠠ ᠲᠠᠭᠤᠨ ᠢ ᠳᠠᠮᠵᠢᠭᠤᠯᠪᠠ︔ ᠡᠷᠡᠭᠲᠡᠶ ᠡᠮᠡᠭᠲᠡᠶ ᠶᠢᠨ ᠬᠤᠣᠰᠯᠠᠯ ᠳᠠᠭᠤᠤ ︽ᠶᠠᠪᠠᠭᠠᠨ ᠬᠦᠮᠦᠨ ᠤ ᠭᠠᠷᠴᠠ︾ ᠪᠠ ︽ᠮᠠᠯᠴᠢᠳ ᠤᠨ ᠵᠣᠯ ᠵᠢᠷᠭᠠᠯ︾ ᠨᠢ ᠳᠣᠲᠣᠭᠠᠳᠤ ᠶᠢ ᠬᠠᠮᠠᠭᠠᠯᠠᠬᠤ ᠠᠵᠢᠯ ᠢ ᠥᠷᠭᠡᠨ ᠣᠯᠠᠨ ᠮᠠᠯᠵᠢᠬᠤ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠤᠪᠠ︔ ᠡᠮᠡᠭᠳᠡᠶᠢᠴᠦᠳ ᠤᠨ ︽ᠮᠢᠨᠦ ᠨᠤᠲᠤᠭ ᠲᠠᠯ᠎ᠠ ᠨᠤᠲᠤᠭ ᠲᠤ ᠪᠠᠶᠢᠨ᠎ᠠ︾ ᠭᠡᠬᠦ ᠨᠠᠶᠢᠷᠠᠯ ᠳᠠᠭᠤᠤ ᠨᠢ ᠠᠷᠤ ᠬᠤᠷᠴᠢᠨ ᠬᠤᠰᠢᠭᠤᠨ ᠤ ᠦᠷ᠎ᠡ ᠬᠡᠤᠬᠡᠳ ᠤᠨ ᠨᠤᠲᠤᠭ ᠤᠰᠤ ᠪᠠᠨ ᠬᠠᠶᠢᠷᠠᠯᠠᠵᠤ ᠪᠠᠶᠢᠭ᠎ᠠ ᠰᠡᠳᠬᠢᠯᠭᠡ ᠪᠠᠨ ᠢᠯᠡᠳᠭᠡᠪᠡ︔ ᠬᠤᠪᠢᠰᠬᠠᠯᠲᠤ ᠪᠡᠭᠡᠵᠢᠩ ᠵᠦᠴᠦᠭᠡ ︽ᠤᠯᠠᠭᠠᠨ ᠳ᠋ᠧᠩ ᠤᠨ ᠲᠡᠮᠳᠡᠭᠯᠡᠯ︾ ᠤᠨ ᠰᠣᠩᠭᠤᠮᠠᠯ ᠬᠡᠰᠡᠭ ᠲᠤ᠂ ᠲᠤᠭ᠎ᠠ ᠲᠣᠮᠰᠢ ᠦᠭᠡᠢ ᠤᠯᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠯᠠᠷᠠᠰᠢ ᠦᠭᠡᠢ ᠵᠣᠷᠢᠭ ᠰᠠᠨᠠᠭ᠎ᠠ ᠶᠢ ᠭᠦᠨ ᠰᠡᠳᠬᠢᠯᠭᠡ ᠲᠠᠢ ᠪᠠᠷ ᠲᠠᠶᠢᠯᠪᠤᠷᠢᠯᠠᠪᠠ︔ ᠱᠤᠭ ᠵᠦᠴᠦᠭᠡ ︽ᠡᠯᠡᠭᠯᠡᠯ︾ ᠨᠢ ᠰᠤᠯᠠ ᠵᠠᠳᠠᠭᠠᠶ ᠪᠥᠭᠡᠳ ᠥᠨᠳᠥᠷ ᠪᠦᠲᠦᠮᠵᠢᠲᠡᠶ ᠠᠷᠭ᠎ᠠ ᠬᠡᠯᠪᠡᠷᠢ ᠪᠠᠷ ᠬᠥᠳᠡᠯᠭᠡᠭᠡᠨ ᠤ ᠠᠬᠤᠶ ᠲᠠᠯᠠᠪᠠᠶ ᠶᠢ ᠳᠠᠬᠢᠨ ᠨᠢᠭᠡ ᠤᠳᠠᠭ᠎ᠠ ᠣᠷᠭᠢᠯ ᠳᠤ ᠨᠢ ᠣᠷᠣᠭᠤᠯᠪᠠ︔ ︽ᠮᠣᠩᠭᠤᠯ ᠤᠨ ᠢᠷᠠᠭᠤ ᠰᠠᠶᠢᠬᠠᠨ︾ ᠭᠡᠬᠦ ᠪᠥᠵᠢᠭ ᠢᠶᠠᠷ ᠡᠨᠡ ᠤᠳᠠᠭ᠎ᠠ ᠶᠢᠨ ᠲᠣᠬᠤᠨᠢᠭᠤᠯᠤᠯ ᠢ ᠲᠡᠭᠦᠰ ᠠᠮᠵᠢᠯᠲᠠ ᠲᠠᠢ ᠲᠡᠭᠦᠰᠬᠡᠵᠡᠢ᠃
 歌曲 牧民的幸福.JPG 
     ᠠᠵᠢᠯᠯᠠᠭ᠎ᠠ ᠶᠢᠨ ᠬᠤᠭᠤᠴᠠᠭᠠᠨ ᠳᠤ᠂ ᠤᠯᠠᠭᠠᠨᠮᠥ᠋ᠴᠢᠷ ᠤᠨ ᠭᠡᠰᠢᠭᠦᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ᠂ ᠬᠤᠤᠷ ᠴᠠᠭᠠᠵᠠᠯᠠᠬᠤ᠂ ᠰᠦᠷᠳᠡᠭᠦᠯᠦᠯ ᠢ ᠡᠰᠡᠷᠭᠦᠴᠡᠬᠦ ᠠᠮᠤᠷ ᠲᠦᠪᠰᠢᠨ ᠵᠡᠷᠭᠡ ᠬᠠᠮᠢᠶ᠎ᠠ ᠪᠥᠬᠦᠶ ᠮᠡᠳᠡᠯᠭᠡ ᠶᠢ ᠨᠠᠷᠢᠨ ᠲᠣᠳᠣᠷᠬᠠᠶ ᠶᠠᠷᠢᠵᠤ ᠥᠭᠴᠡᠶ᠃ ᠡᠶᠢᠮᠦᠷᠬᠦ ᠤᠯᠠᠨ ᠲᠦᠮᠡᠨ ᠲᠠᠢ ᠤᠢᠢᠷᠠᠳᠤᠭᠰᠠᠨ᠂ ᠬᠠᠯᠠᠭᠤᠮᠰᠤᠭ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠨᠢ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃    ᠲᠤᠰ ᠤᠳᠠᠭ᠎ᠠ ᠶᠢᠨ ᠲᠣᠬᠤᠨᠢᠭᠤᠯᠬᠤ ᠲᠣᠭᠯᠠᠯᠲᠠ ᠳᠤ᠂ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠬᠤᠰᠢᠭᠤᠨ ᠤ ᠭᠡᠰᠢᠭᠦᠳ ᠲᠠᠯ᠎ᠠ ᠨᠤᠲᠤᠭ ᠤᠨ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ ᠤᠨ ᠰᠢᠯᠢᠳᠡᠭ ᠤᠯᠠᠮᠵᠢᠯᠠᠯ ᠢᠶᠠᠨ ᠦᠨᠡᠨ ᠬᠦ ᠪᠠᠳᠠᠷᠠᠭᠤᠯᠵᠤ᠂ ᠠᠷᠠᠳ ᠠᠴᠠ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠠᠵᠢᠯᠲᠠᠳ ᠤᠨ ᠦᠢᠯᠡᠰ ᠪᠤᠰᠬᠠᠬᠤ ᠣᠮᠤᠭ ᠵᠣᠷᠢᠭ ᠪᠣᠯᠤᠨ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠦᠲᠦᠮᠵᠢᠲᠡᠢ ᠬᠥᠭᠵᠢᠭᠡᠵᠦ᠂ ᠳᠣᠲᠣᠭᠠᠳᠤ ᠶᠢ ᠬᠠᠮᠠᠭᠠᠯᠠᠬᠤ ᠳᠠᠭᠤᠨ ᠢ ᠰᠠᠶᠢᠲᠤᠷ ᠰᠣᠨᠣᠰᠬᠤ᠂ ᠴᠠᠭᠳᠠᠭ᠎ᠠ ᠶᠢᠨ ᠦᠯᠢᠭᠡᠷ ᠢ ᠰᠠᠶᠢᠲᠤᠷ ᠶᠠᠷᠢᠬᠤ᠂ ᠳᠣᠲᠣᠭᠠᠳᠤ ᠶᠢ ᠬᠠᠮᠠᠭᠠᠯᠠᠬᠤ ᠢᠳᠡᠪᠬᠢ ᠬᠦᠴᠦᠨ ᠢ ᠳᠠᠮᠵᠢᠭᠤᠯᠬᠤ᠂ ᠴᠠᠭᠳᠠᠭ᠎ᠠ ᠠᠷᠠᠳ ᠤᠨ ᠰᠡᠳᠬᠢᠯ ᠢ ᠬᠤᠯᠪᠣᠬᠤ ᠬᠥᠭᠦᠷᠭᠡ ᠪᠠᠶᠢᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠪᠠ᠃   
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ