ᠣᠳᠤᠭ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠤᠪᠴᠢᠶ᠎ᠠ ︽ᠴᠠᠭᠳᠠᠭᠠᠨ ᠤ ᠬᠤᠸᠠᠷᠠᠨ ᠤ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/6/25
     ᠣᠶᠢᠷ᠎ᠠ ᠳᠤ᠂ ᠣᠷᠳᠣᠰ ᠬᠤᠲᠠ ᠶᠢᠨ ᠣᠲᠤᠭ ᠬᠤᠰᠢᠭᠤᠨ ᠤ ᠲᠣᠳᠣᠭᠠᠳᠣ ᠶᠢ ᠬᠠᠮᠠᠭᠠᠯᠠᠬᠤ ᠲᠣᠪᠴᠢᠶᠠᠨ ᠤ ᠰᠦᠷᠳᠡᠭᠦᠯᠦᠯ ᠢ ᠡᠰᠡᠷᠭᠦᠴᠡᠬᠦ ᠪᠣᠯᠣᠨ ᠣᠨᠴᠠ ᠲᠥᠷᠦᠯ ᠤᠨ ᠴᠠᠭᠳᠠᠨ ᠲᠣᠭᠤᠷᠢᠬᠤ ᠴᠠᠭᠳᠠᠭᠠᠨ ᠤ ᠶᠡᠭᠡ ᠠᠩᠭᠢ ᠶᠢᠨ ᠨᠠᠮ ᠤᠨ ᠡᠭᠦᠷ ᠠᠴᠠ ︽ᠬᠥᠭᠡᠷᠦᠬᠦᠨ ᠬᠡᠦᠬᠡᠳ ᠤᠳ ᠢ ᠴᠠᠭᠳᠠᠭᠠᠨ ᠤ ᠬᠤᠸᠠᠷᠠᠨ ᠳᠤ ᠰᠣᠨᠢᠭᠤᠴᠢᠯᠠᠨ᠂ ᠴᠠᠭᠳᠠᠭᠠᠨ ᠤ ᠰᠡᠳᠬᠢᠯ ᠢᠶᠠᠷ ᠬᠡᠦᠬᠡᠳ ᠤᠳ ᠢ ᠪᠠᠶᠠᠰᠬᠠᠨᠠᠮ︾ ᠭᠡᠬᠦ ᠲᠤᠰᠬᠠᠢ ᠰᠡᠳᠦᠪ ᠢᠶᠠᠷ ᠴᠠᠭᠳᠠᠭᠠᠨ ᠤ ᠬᠤᠸᠠᠷᠠᠨ ᠤ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠥᠷᠨᠢᠭᠦᠯᠪᠡ᠂ ᠠᠵᠢᠯᠯᠠᠭ᠎ᠠ ᠳᠤ ᠣᠲᠤᠭ ᠬᠤᠰᠢᠭᠤᠨ ᠤ ᠲᠠᠢ ᠰᠢᠶᠠᠩ ᠴᠡᠴᠡᠷᠯᠢᠭ ᠤᠨ 40 ᠭᠠᠷᠦᠢ ᠪᠢᠴᠢᠬᠠᠨ ᠨᠠᠶᠢᠵᠠ ᠶᠢ ᠤᠷᠢᠨ᠂ ᠴᠠᠭᠳᠠᠭᠠᠨ ᠤ ᠬᠤᠸᠠᠷᠠᠨ ᠤ ᠠᠭᠤᠷ ᠠᠮᠢᠰᠬᠤᠯ ᠢ ᠣᠶᠢᠯᠠᠭᠤᠯᠵᠤ᠂ ᠴᠠᠭᠳᠠᠭᠠᠨ ᠤ ᠬᠤᠸᠠᠷᠠᠨ ᠤ ᠰᠣᠶᠣᠯ ᠠᠮᠢᠳᠤᠷᠠᠯ ᠤᠨ ᠲᠠᠨᠢᠭᠤᠯᠤᠨ᠂ ᠠᠳᠠᠯᠢ ᠪᠤᠰᠤ ᠴᠠᠭᠳᠠᠭᠠᠨ ᠤ ᠳᠥᠷᠬᠦ ᠶᠢ ᠬᠠᠷᠠᠭᠤᠯᠪᠠ᠃
 微信图片_20230424113810.jpg 
     ᠴᠠᠭᠳᠠᠭᠠᠨ ᠤ ᠬᠤᠸᠠᠷᠠᠨ ᠤ ᠨᠡᠭᠡᠭᠡᠯᠲᠡ ᠶᠢᠨ ᠡᠳᠦᠷ᠂ ᠪᠢᠴᠢᠬᠠᠨ ᠨᠠᠶᠢᠵᠠ ᠨᠠᠷ ᠰᠦᠷᠳᠡᠭᠦᠯᠦᠯ ᠢ ᠡᠰᠡᠷᠭᠦᠴᠡᠬᠦ ᠪᠣᠯᠣᠨ ᠣᠨᠴᠠ ᠲᠥᠷᠦᠯ ᠤᠨ ᠴᠠᠭᠳᠠᠨ ᠲᠣᠭᠤᠷᠢᠬᠤ ᠴᠠᠭᠳᠠᠭᠠᠨ ᠤ ᠶᠡᠭᠡ ᠠᠩᠭᠢ ᠶᠢᠨ ᠠᠯᠪᠠᠨ ᠭᠠᠵᠠᠷ ᠲᠤ ᠬᠦᠷᠴᠦ᠂ ᠣᠯᠠᠨ ᠠᠷᠪᠢᠨ ᠣᠨᠴᠠ ᠴᠠᠭᠳᠠᠭᠠᠨ ᠤ ᠵᠡᠪᠰᠡᠭ ᠲᠣᠨᠣᠭᠯᠠᠯ ᠪᠠ ᠴᠠᠭᠳᠠᠭᠠᠨ ᠤ ᠮᠠᠰᠢᠨ ᠢ ᠦᠵᠡᠭᠡᠳ ᠲᠦᠢᠯ ᠤᠨ ᠤᠷᠮ᠎ᠠ ᠬᠥᠭᠵᠢᠶᠡᠨ ᠲᠠᠢ ᠪᠠᠶᠢᠪᠠ᠃ ︽ᠡᠨᠡ ᠪᠣᠯ ᠭᠠᠪᠠ᠂ ᠡᠨᠡ ᠪᠣᠯ ᠰᠤᠮᠤ ᠨᠡᠪᠲᠡᠷᠡᠬᠦ ᠦᠭᠡᠢ ᠬᠤᠪᠴᠠᠰᠤ᠂ ᠡᠨᠡ ᠪᠣᠯ ᠬᠠᠯᠬᠠᠪᠴᠢ᠂ ᠡᠨᠡ ᠪᠣᠯ ᠬᠦᠴᠦᠷᠬᠡᠭᠯᠡᠯ ᠢ ᠰᠡᠷᠭᠡᠶᠢᠯᠡᠬᠦ ᠮᠠᠰᠢᠨ᠂ ᠡᠨᠡ ᠪᠣᠯ ᠬᠡᠷᠡᠭ ᠰᠢᠢᠳᠪᠦᠷᠢᠯᠡᠬᠦ ᠮᠠᠰᠢᠨ᠂ ᠡᠨᠡ ᠪᠣᠯ ᠁︾ ᠬᠡᠮᠡᠨ ᠠᠷᠠᠳ ᠤᠨ ᠴᠠᠭᠳᠠᠭ᠎ᠠ ᠪᠠᠭᠰᠢ ᠪᠣᠯᠣᠨ ᠬᠡᠦᠬᠡᠳ ᠤᠳ ᠲᠤ ᠪᠦᠬᠦ᠋ᠢᠯᠡ ᠰᠦᠷᠳᠡᠭᠦᠯᠦᠯ ᠢ ᠡᠰᠡᠷᠭᠦᠴᠡᠬᠦ ᠣᠨᠴᠠ ᠴᠠᠭᠳᠠᠭᠠᠨ ᠤ ᠵᠡᠪᠰᠡᠭ ᠲᠣᠨᠣᠭᠯᠠᠯ ᠢ ᠨᠠᠷᠢᠯᠢᠭ ᠲᠠᠨᠢᠯᠴᠠᠭᠤᠯᠵᠤ᠂ ᠪᠢᠴᠢᠬᠠᠨ ᠨᠠᠶᠢᠵᠠ ᠨᠠᠷ ᠰᠡᠳᠬᠢᠯ ᠲᠠᠯᠪᠢᠨ ᠰᠣᠨᠣᠰᠤᠭᠰᠠᠨ ᠢᠶᠠᠷ ᠪᠠᠷᠠᠬᠤ ᠦᠭᠡᠢ ᠪᠠᠰᠠ ᠲᠤᠬᠠᠢ ᠶᠢᠨ ᠭᠠᠵᠠᠷ ᠲᠤ ᠪᠠᠶᠢᠭᠰᠠᠨ ᠠᠷᠠᠳ ᠤᠨ ᠴᠠᠭᠳᠠᠭ᠎ᠠ ᠠᠴᠠ ᠪᠠᠶᠢᠨ ᠳᠠᠬᠢᠨ ᠰᠣᠨᠢᠨ ᠰᠠᠶᠢᠬᠠᠨ ᠠᠰᠠᠭᠤᠯᠲᠠ ᠳᠤᠷᠠᠳᠴᠤ ᠪᠠᠶᠢᠪᠠ᠃
 微信图片_202304241138106.jpg 
     ᠠᠷᠠᠳ ᠤᠨ ᠴᠠᠭᠳᠠᠭ᠎ᠠ ᠲᠣᠭᠤᠷᠢᠨ ᠰᠣᠨᠢᠷᠬᠠᠵᠤ ᠪᠠᠶᠢᠭ᠎ᠠ ᠪᠢᠴᠢᠬᠠᠨ ᠨᠠᠶᠢᠵᠠ ᠨᠠᠷ ᠲᠤ ᠭᠠᠭᠴᠠ ᠴᠠᠭᠳᠠᠭᠠᠨ ᠤ ᠵᠡᠪᠰᠡᠭ ᠲᠣᠨᠣᠭᠯᠠᠯ᠂ ᠴᠠᠭᠳᠠᠭᠠᠨ ᠤ ᠬᠠᠯᠬᠠᠪᠴᠢ᠂ ᠬᠦᠴᠦᠷᠬᠡᠭᠯᠡᠯ ᠢ ᠰᠡᠷᠭᠡᠶᠢᠯᠡᠬᠦ ᠴᠠᠭᠳᠠᠭᠠᠨ ᠤ ᠪᠣᠷᠣᠣᠬᠠᠢ᠂ ᠪᠠᠷᠢᠪᠴᠢᠯᠠᠬᠤ ᠪᠠᠭᠠᠵᠢ ᠬᠡᠷᠡᠭᠰᠡᠯ᠂ ᠬᠠᠤᠯᠢ ᠬᠡᠷᠡᠭᠵᠢᠭᠦᠯᠬᠦ ᠲᠡᠮᠲᠡᠭᠯᠡᠭᠦᠷ ᠵᠡᠷᠭᠡ ᠡᠯ᠎ᠡ ᠵᠦᠢᠯ ᠤᠨ ᠴᠠᠭᠳᠠᠭᠠᠨ ᠤ ᠪᠠᠭᠠᠵᠢ ᠬᠡᠷᠡᠭᠰᠡᠯ ᠢ ᠳᠡᠯᠭᠡᠨ ᠦᠵᠡᠭᠦᠯᠦᠨ᠂ ᠲᠡᠳᠡᠨᠦᠰ ᠲᠤ ᠬᠡᠷᠡᠭᠯᠡᠬᠦ ᠠᠷᠭ᠎ᠠ ᠮᠠᠶ᠋ᠢᠭ ᠵᠢᠴᠢ ᠴᠢᠳᠠᠪᠤᠷᠢ ᠶᠢᠨ ᠬᠡᠷᠡᠭᠴᠡᠭᠡ ᠶᠢ ᠲᠠᠶᠢᠯᠪᠤᠷᠢᠯᠠᠵᠤ ᠥᠭᠬᠦ ᠳᠤ᠂ ᠪᠢᠴᠢᠬᠠᠨ ᠨᠠᠶᠢᠵᠠ ᠨᠠᠷ ᠨᠠᠷᠢᠨ ᠬᠢᠨᠠᠮᠠᠭᠠᠢ ᠰᠣᠨᠣᠰᠣᠨ᠂ ᠴᠠᠭᠳᠠᠭᠠᠨ ᠤ ᠵᠡᠪᠰᠡᠭ ᠲᠣᠨᠣᠭᠯᠠᠯ ᠲᠠᠢ ᠳᠣᠲᠣᠨᠤ ᠣᠶᠢᠷᠠᠳᠠᠭᠰᠠᠨ ᠳᠤ ᠪᠠᠨ ᠨᠢᠭᠡ ᠨᠢᠭᠡ ᠪᠠᠷ ᠢᠶᠠᠨ ᠪᠠᠶᠠᠷᠯᠠᠬᠤ ᠶᠢᠨ ᠶᠡᠭᠡ ᠪᠠᠷ ᠪᠠᠶᠠᠷᠯᠠᠵᠤ ᠪᠠᠶᠢᠪᠠ᠃
微信图片_2023042411381017.jpg  
    ᠲᠤᠰ ᠤᠳᠠᠭᠠᠨ ᠤ ︽ᠴᠠᠭᠳᠠᠭᠠᠨ ᠤ ᠬᠤᠸᠠᠷᠠᠨ ᠤ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠪᠠᠷ᠂ ᠪᠠᠭᠰᠢ ᠰᠤᠷᠤᠭᠴᠢ ᠨᠠᠷ ᠲᠤ ᠨᠢᠭᠡᠨ ᠥᠪᠡᠷ ᠤᠨ ᠪᠡᠶ᠎ᠡ ᠪᠠᠷ ᠢᠶᠠᠨ ᠴᠠᠭᠳᠠᠭᠠᠨ ᠤ ᠬᠤᠸᠠᠷᠠᠨ ᠤ ᠠᠮᠢᠳᠤᠷᠠᠯ ᠢ ᠣᠶᠢᠯᠭᠠᠬᠤ ᠲᠠᠪᠴᠠᠩ ᠪᠠᠶᠢᠭᠤᠯᠤᠨ᠂ ᠪᠢᠴᠢᠬᠠᠨ ᠨᠠᠶᠢᠵᠠ ᠨᠠᠷ ᠤᠨ ᠪᠢᠴᠢᠬᠠᠨ ︽ᠴᠠᠭᠳᠠᠭ᠎ᠠ ᠪᠣᠯᠬᠤ︾ ᠭᠡᠰᠡᠨ ᠬᠦᠰᠡᠯ ᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠪᠠᠭᠰᠢ ᠰᠤᠷᠤᠭᠴᠢᠳ ᠤᠨ ᠬᠠᠷᠠᠭ᠎ᠠ ᠶᠢ ᠥᠷᠭᠡᠳᠬᠡᠵᠦ᠂ ᠮᠡᠳᠡᠯᠭᠡ ᠶᠢᠨ ᠬᠡᠪᠴᠢᠶ᠎ᠡ ᠨᠠᠮᠡᠭᠳᠡᠭᠦᠯᠦᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠠᠷᠠᠳ ᠤᠨ ᠴᠠᠭᠳᠠᠭᠠᠨ ᠤ ᠠᠵᠢᠯ ᠤᠨ ᠲᠠᠯ᠎ᠠ ᠪᠠᠷ ᠬᠢ ᠣᠶᠢᠯᠠᠭᠠᠯᠲᠠ ᠶᠢ ᠨᠡᠮᠡᠭᠳᠡᠭᠦᠯᠬᠦ ᠶᠢᠨ ᠬᠠᠮᠲᠤ ᠪᠠᠰᠠ ᠴᠠᠭᠳᠠᠭ᠎ᠠ ᠠᠷᠠᠳ ᠤᠨ ᠬᠠᠷᠢᠴᠠᠭ᠎ᠠ ᠶᠢ ᠨᠢᠭᠲᠠᠷᠠᠭᠤᠯᠵᠤ᠂ ᠳᠣᠳᠣᠭᠠᠳᠣ ᠶᠢ ᠬᠠᠮᠠᠭᠠᠯᠠᠬᠤ ᠴᠠᠭᠳᠠᠭᠠᠨ ᠤ ᠰᠠᠶᠢᠨ ᠰᠠᠶᠢᠬᠠᠨ ᠳᠦᠷᠢ ᠳᠥᠷᠬᠦ ᠶᠢ ᠱᠣᠭᠤᠵᠤ᠂ ᠠᠷᠠᠳ ᠤᠨ ᠴᠠᠭᠳᠠᠭᠠᠨ ᠤ ᠠᠵᠢᠯ ᠤᠨ ᠢᠷᠠᠭᠤ ᠠᠯᠳᠠᠷᠲᠤ ᠰᠡᠳᠬᠢᠯᠭᠡ᠂ ᠮᠡᠳᠡᠷᠡᠬᠦ ᠰᠡᠳᠬᠢᠯᠭᠡ ᠪᠠ ᠣᠮᠣᠭᠰᠢᠬᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠭᠰᠢ ᠰᠤᠷᠤᠭᠴᠢᠳ ᠤᠨ ᠰᠡᠳᠬᠢᠯ ᠳᠤ ᠴᠦ ᠠᠮᠤᠷ ᠠᠮᠤᠭᠤᠯᠠᠩ ᠢ ᠰᠠᠬᠢᠨ ᠬᠠᠮᠠᠭᠠᠯᠠᠬᠤ᠂ ᠰᠢᠳᠤᠷᠭᠤ ᠶᠣᠰᠣ ᠶᠢ ᠬᠠᠮᠠᠭᠠᠯᠠᠬᠤ ᠰᠠᠶᠢᠨ ᠰᠠᠶᠢᠬᠠᠨ ᠨᠦᠯᠦᠭᠡ ᠲᠤᠰᠬᠠᠯ ᠢ ᠠᠪᠴᠢᠷᠠᠵᠤ ᠥᠭᠪᠡ᠃       
ᠢᠷᠡᠯᠲᠡ᠄ ᠲᠣᠲᠣᠷᠬᠠᠢ ᠦᠭᠡᠢ