ᠠᠷᠠᠳ ᠤᠨ ᠴᠠᠭᠳᠠᠭ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠤᠴᠠᠷᠠᠭᠰᠠᠨ ᠡᠮᠡᠭᠲᠡᠶ ᠶᠢ ᠴᠠᠭ ᠲᠤᠬᠠᠶ ᠳᠤ ᠨᠢ ᠬᠤᠷᠢᠭᠯᠠᠪᠠ
ᠨᠡᠶᠢᠲᠡᠯᠡᠭᠰᠡᠨ ᠴᠠᠭ᠄
2023/6/9
      ᠣᠶᠢᠷ᠎ᠠ ᠳᠤ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠢᠩ ᠴᠦᠨ ᠱᠠᠨ ᠲᠣᠮᠢᠯᠠᠭᠰᠠᠨ ᠰᠠᠯᠪᠤᠷᠢ ᠶᠢᠨ ᠮᠡᠬᠡᠯᠡᠯ ᠢ ᠡᠰᠡᠷᠭᠦᠴᠡᠬᠦ ᠠᠷᠠᠳ ᠤᠨ ᠴᠠᠭᠳᠠᠭ᠎ᠠ ᠠᠴᠠ ᠬᠠᠷᠢᠶᠠᠲᠤ ᠣᠷᠣᠨ ᠤ ᠯᠢ ᠣᠪᠤᠭᠲᠠᠨ ᠳᠤ ᠶᠠᠯᠠᠳᠤ ᠬᠡᠷᠡᠭ ᠤᠨ ᠰᠡᠵᠢᠭᠲᠡᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠶᠠᠪᠤᠭᠤᠯᠵᠤ ᠪᠠᠶᠢᠨ᠎ᠠ ᠭᠡᠰᠡᠨ ᠰᠡᠷᠡᠮᠵᠢᠯᠡᠭᠦᠯᠦᠯ ᠤᠨ ᠰᠦᠪᠡᠭᠴᠢ ᠶᠢ ᠣᠯᠪᠠ᠃ ᠰᠦᠪᠡᠭᠴᠢ ᠶᠢ ᠣᠯᠤᠭᠰᠠᠨ ᠤ ᠲᠠᠷᠠᠭ᠎ᠠ᠂ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠤᠲᠠᠰᠤ ᠪᠠᠷ ᠯᠢ ᠣᠪᠣᠭᠲᠤ ᠲᠠᠢ ᠬᠠᠷᠢᠯᠴᠠᠵᠤ᠂ ᠯᠢ ᠣᠪᠣᠭᠲᠤ ᠳᠤ ᠶᠠᠭ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠤᠴᠠᠷᠠᠭᠰᠠᠨ ᠪᠠᠶᠢᠨ᠎ᠠ᠂ ᠶᠠᠭᠠᠬᠢᠭᠰᠠᠨ ᠴᠤ ᠶᠠᠮᠠᠷ ᠴᠤ ᠲᠠᠩᠰᠠ ᠰᠢᠯᠵᠢᠭᠦᠯᠬᠦ ᠠᠵᠢᠯᠯᠠᠭ᠎ᠠ ᠬᠢᠵᠦ ᠪᠣᠯᠬᠤ ᠦᠭᠡᠢ ᠭᠡᠵᠦ ᠮᠡᠳᠡᠭᠳᠡᠪᠡ᠃ ᠡᠭᠦᠨ ᠤ ᠵᠡᠷᠭᠡ ᠳᠤ ᠠᠷᠠᠳ ᠤᠨ ᠴᠠᠭᠳᠠᠭ᠎ᠠ ᠮᠠᠰᠢᠨ ᠢᠶᠠᠷ ᠯᠢ ᠣᠪᠣᠭᠲᠤ ᠶᠢᠨ ᠰᠠᠭᠤᠭᠠᠯᠢ ᠲᠣᠭᠤᠷᠢᠭ ᠲᠤ ᠬᠦᠷᠴᠦ ᠬᠤᠷᠢᠭᠯᠠᠪᠠ᠃
康巴什1 (2).jpg
      ᠣᠶᠢᠯᠭᠠᠭᠰᠠᠨ ᠢᠶᠠᠷ᠂ ᠯᠢ ᠣᠪᠣᠭᠲᠤ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠴᠢᠶᠡᠯ ᠤᠨ ᠰᠦᠢᠳᠬᠡᠯ ᠢ ᠪᠤᠴᠠᠭᠠᠬᠤ ᠣᠬᠤᠷ ᠮᠡᠳᠡᠭᠡ ᠶᠢ ᠣᠯᠵᠤ᠂ ᠥᠩᠭᠡᠷᠡᠭᠰᠡᠨ ᠳᠤ ᠦᠨᠡᠬᠡᠷ ᠰᠦᠯᠵᠢᠶᠡᠨ ᠳᠡᠭᠡᠷ᠎ᠡ ᠠᠴᠠ ᠡᠶᠢᠮᠦᠷᠬᠦ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠴᠢᠶᠡᠯ ᠢ ᠬᠤᠳᠠᠯᠳᠤᠨ ᠠᠪᠴᠤ ᠥᠩᠭᠡᠷᠡᠭᠰᠡᠨ ᠪᠥᠭᠡᠳ ᠬᠢᠴᠢᠶᠡᠯ ᠢ ᠨᠢ ᠣᠷᠣᠵᠤ ᠪᠠᠷᠠᠭᠰᠠᠨ ᠦᠭᠡᠢ ᠮᠥᠷᠲᠡᠭᠡᠨ ᠪᠠᠰᠠ ᠰᠦᠢᠳᠬᠡᠯ ᠢ ᠪᠤᠴᠠᠭᠠᠬᠤ ᠮᠡᠳᠡᠭᠡ ᠶᠢ ᠴᠦ ᠣᠯᠣᠭᠰᠠᠨ ᠦᠭᠡᠢ ᠤᠴᠢᠷ ᠠᠴᠠ ᠣᠬᠤᠷ ᠴᠢᠮᠡᠭᠡ ᠳᠤ ᠳᠤᠷᠠᠳᠤᠭᠰᠠᠨ QQ ᠨᠣᠮᠧᠷ ᠢ ᠨᠡᠮᠡᠵᠡᠶ᠃ QQ ᠶᠢᠨ ︽ᠰᠦᠢᠳᠬᠡᠯ ᠪᠤᠴᠠᠭᠠᠬᠤ ᠦᠢᠯᠡᠴᠢᠯᠡᠭᠡ︾ ᠶᠢᠨ ᠵᠢᠯᠣᠭᠤᠳᠣᠯᠭ᠎ᠠ ᠳᠣᠣᠷ᠎ᠠ᠂ ᠯᠢ ᠣᠪᠣᠭᠲᠤ ︽ᠬᠥᠬᠡᠮᠥ᠋ᠷᠡᠨ ᠬᠠᠪᠰᠤᠷᠤᠭᠴᠢ︾ ᠭᠡᠳᠡᠭ APP ᠵᠥᠭᠡᠯᠡᠨ ᠲᠣᠨᠤᠭ ᠪᠠᠭᠤᠯᠭᠠᠨ ᠤᠭᠰᠠᠷᠠᠭᠰᠠᠨ ᠪᠥᠭᠡᠳ ᠤᠯᠤᠰ ᠤᠨ ᠵᠢᠭᠡᠯᠡᠯᠭᠡ ᠳᠤ ᠪᠡᠯᠡ ᠣᠷᠣᠭᠤᠯᠬᠤ ᠥᠳᠥᠭᠡᠯᠭᠡ ᠪᠠᠷ ᠨᠢᠭᠡᠳᠦᠭᠡᠷ 100 ᠲᠥᠭᠦᠷᠢᠭ ᠤᠨ ᠵᠠᠬᠢᠶᠠᠯᠠᠭ᠎ᠠ ᠶᠢ ᠬᠤᠳᠠᠯᠳᠤᠨ ᠠᠪᠴᠤ᠂ ᠡᠭᠦᠨ ᠳᠤ 20 ᠲᠥᠭᠦᠷᠢᠭ ᠤᠨ ᠬᠦᠯᠦᠰᠦᠨ ᠮᠥᠩᠭᠦ ᠲᠠᠢ ᠨᠡᠶᠢᠲᠡ 120 ᠲᠥᠭᠦᠷᠢᠭ ᠢ ᠪᠤᠴᠠᠭᠠᠨ ᠥᠭᠴᠦ᠂ ᠯᠢ ᠣᠪᠣᠭᠲᠤ ᠪᠠᠶᠢᠳᠠᠯ ᠢ ᠦᠵᠡᠮᠡᠭᠴᠡ ᠪᠠᠰᠠ 100 ᠲᠥᠭᠦᠷᠢᠭ ᠤᠨ ᠵᠣᠭᠤᠰ ᠨᠡᠮᠡᠵᠦ᠂ ᠬᠤᠶᠠᠷ ᠤᠳᠠᠭ᠎ᠠ ᠨᠡᠶᠢᠲᠡ 240 ᠲᠥᠭᠦᠷᠢᠭ ᠢ ᠪᠤᠴᠠᠭᠠᠨ ᠥᠭᠪᠡ᠂ ᠡᠭᠦᠨ ᠳᠤ ᠯᠢ ᠣᠪᠣᠭᠲᠤ ᠦᠨᠡᠮᠰᠢᠵᠦ᠂ 500 ᠲᠥᠭᠦᠷᠢᠭ ᠤᠨ ᠵᠠᠬᠢᠶᠠᠯᠠᠭ᠎ᠠ ᠶᠢ ᠦᠷᠭᠦᠯᠵᠢᠯᠡᠨ ᠬᠤᠳᠠᠯᠳᠤᠨ ᠠᠪᠬᠤ ᠪᠠᠷ ᠪᠡᠯᠡᠳᠬᠡᠵᠦ ᠪᠠᠶᠢᠲᠠᠯ᠎ᠠ ᠴᠠᠭᠳᠠᠭ᠎ᠠ ᠶᠢᠨ ᠢᠳᠬᠠᠨ ᠬᠤᠷᠢᠭᠯᠠᠬᠤ ᠤᠲᠠᠰᠤ ᠶᠢ ᠲᠤᠰᠴᠠᠶ᠃
康巴什1 (1).jpg
      ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠠᠷᠠᠳ ᠤᠨ ᠴᠠᠭᠳᠠᠭ᠎ᠠ ᠠᠴᠠ ᠯᠢ ᠣᠪᠣᠭᠲᠤ ᠳᠤ ᠡᠨᠡ ᠪᠣᠯ ᠬᠠᠭᠤᠷᠮᠠᠭ ᠵᠠᠬᠢᠶᠠᠯᠠᠭ᠎ᠠ ᠶᠢ ᠬᠤᠳᠠᠯᠳᠤᠨ ᠠᠪᠬᠤ ᠪᠠᠷ ᠠᠰᠢᠭ ᠤᠯᠬᠤ ᠮᠡᠬᠡᠯᠡᠯ ᠤᠨ ᠠᠵᠢᠯᠯᠠᠭ᠎ᠠ ᠶᠢᠨ ᠨᠡᠶᠢᠲᠡᠯᠢᠭ ᠵᠢᠱᠢᠶ᠎ᠡ ᠮᠥᠨ ᠭᠡᠵᠦ ᠬᠡᠯᠡᠵᠦ ᠥᠭᠭᠦᠭᠰᠡᠨ ᠪᠥᠭᠡᠳ ᠡᠭᠦᠨ ᠤ ᠳᠣᠲᠣᠷᠠᠬᠢ ᠰᠡᠵᠢᠭᠲᠡᠶ ᠵᠦᠢᠯ ᠢ ᠯᠢ ᠣᠪᠣᠭᠲᠤ ᠳᠤ ᠲᠠᠶᠢᠯᠪᠤᠷᠢᠯᠠᠵᠤ ᠥᠭᠭᠦᠭᠰᠡᠨ ᠳᠤ᠂ ᠯᠢ ᠣᠪᠣᠭᠲᠤ ᠰᠠᠶ᠋ᠢ ᠤᠬᠠᠭᠠᠷᠠᠵᠤ᠂ ᠮᠡᠬᠡᠯᠡᠭᠴᠢ ᠶᠢᠨ ᠬᠠᠷᠢᠯᠴᠠᠬᠤ ᠠᠷᠭ᠎ᠠ ᠬᠡᠯᠪᠡᠷᠢ ᠪᠣᠯᠤᠨ app ᠶᠢ ᠭᠠᠷ ᠤᠲᠠᠰᠤ ᠠᠴᠠ ᠪᠠᠨ  ᠪᠠᠭᠤᠯᠭᠠᠪᠠ᠃
ᠢᠷᠡᠯᠲᠡ᠄ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ