ᠤᠷᠠᠳ ᠤᠨ ᠡᠮᠦᠨᠡᠲᠦ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠡᠯ᠎ᠡ ᠵᠦᠢᠯ ᠤᠨ ᠦᠢᠯᠡᠴᠢᠯᠡᠭᠡᠨ ᠤ ᠠᠷᠭ᠎ᠠ ᠠᠪᠴᠠᠯ ᠢᠶᠠᠨ ᠥᠭᠡᠷᠡᠴᠢᠯᠡᠭᠡᠳ ᠠᠰᠤᠷᠤ ᠠᠮᠵᠢᠯᠳᠠ ᠣᠯᠪᠠ
ᠨᠡᠶᠢᠲᠡᠯᠡᠭᠰᠡᠨ ᠴᠠᠭ᠄
2023/7/20
  6 ᠳ᠋ᠤᠭᠠᠷ ᠰᠠᠷ᠎ᠠ ᠶᠢᠨ 13 ᠤ ᠡᠳᠦᠷ᠂ ︽ᠥᠩᠭᠡᠷᠡᠭᠰᠡᠨ ᠳᠤ ᠡᠷᠦᠬᠡ ᠠᠮᠠ ᠶᠢᠨ ᠳᠠᠩᠰᠠ᠂ ᠪᠡᠶ᠎ᠡ ᠶᠢᠨ ᠦᠨᠡᠮᠯᠡᠯ ᠠᠪᠬᠤ᠂ ᠬᠠᠤᠯᠢ ᠠᠴᠠ ᠵᠦᠷᠢᠴᠡᠵᠦ ᠶᠠᠯ᠎ᠠ ᠬᠢᠭᠰᠡᠨ ᠦᠭᠡᠢ ᠭᠡᠷᠡᠴᠢ ᠪᠢᠴᠢᠭ ᠠᠪᠬᠤ ᠵᠡᠷᠭᠡ ᠶᠠᠪᠤᠳᠠᠯ ᠳᠤ ᠵᠠᠷᠢᠮ ᠳᠤ ᠪᠠᠨ ᠣᠯᠠᠨ ᠤᠳᠠᠭ᠎ᠠ ᠭᠦᠶᠦᠳᠡᠭ ᠪᠠᠶᠢᠭᠰᠠᠨ ᠠᠴᠠ᠂ ᠣᠳᠤ ︿ᠰᠢᠷᠪᠢᠵᠦ ᠦᠵᠡᠭᠰᠡᠭᠡᠷ ᠪᠦᠬᠦᠨ ᠢ ᠮᠡᠳᠡᠨ᠎ᠡ﹀᠂ ᠵᠠᠷᠢᠮ ᠨᠢ ᠬᠤᠷᠤᠭᠤ ᠪᠠᠷ ᠢᠶᠠᠨ ᠲᠤᠬᠢᠭᠰᠠᠭᠠᠷ ᠪᠣᠯᠴᠢᠬᠠᠨ᠎ᠠ᠂ ᠵᠠᠷᠢᠮ ᠨᠢ ᠬᠠᠮᠤᠭ ᠠᠷᠪᠢᠨ ᠳᠤ ᠪᠠᠨ ᠨᠢᠭᠡ ᠤᠳᠠᠭ᠎ᠠ ᠣᠴᠢᠳᠠᠭ ᠪᠣᠯᠵᠤ᠂ ᠡᠨᠡ ᠨᠢ ᠳᠠᠩᠴᠤ ᠳᠥᠭᠦᠮ ᠪᠣᠯᠵᠠᠶ︕︾ ᠭᠡᠵᠦ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠣᠲᠣᠭᠠᠳᠤ ᠶᠢ ᠬᠠᠮᠠᠭᠠᠯᠠᠬᠤ ᠦᠨᠡᠮᠯᠡᠯ ᠭᠦᠢᠴᠡᠳᠭᠡᠬᠦ ᠶᠡᠭᠡ ᠲᠢᠩᠬᠢᠮ︾ ᠳᠤ᠂ ᠰᠦᠯᠵᠢᠶᠡᠨ ᠤ ᠨᠡᠷ᠎ᠡ ︽ᠥᠷᠭᠡᠨ ᠠᠭᠤᠳᠠᠮ︾ ᠨᠢ ᠡᠷᠦᠬᠡ ᠠᠮᠠ ᠶᠢᠨ ᠳᠡᠪᠲᠡᠷ ᠢᠶᠠᠨ ᠳᠠᠭᠢᠵᠤ ᠨᠥᠬᠦᠵᠦ ᠭᠦᠢᠴᠡᠳᠭᠡᠬᠦ ᠭᠠᠷ ᠭᠦᠢᠴᠡᠳᠭᠡᠯ ᠢ ᠲᠣᠳᠣᠷᠬᠠᠶ ᠠᠰᠠᠭᠤᠭᠰᠠᠨ ᠤ ᠳᠠᠷᠠᠭ᠎ᠠ᠂ ᠦᠨᠡᠨ ᠰᠡᠳᠬᠢᠯ ᠠᠴᠠ ᠪᠠᠨ ᠭᠠᠶᠢᠬᠠᠰᠢ ᠠᠯᠳᠠᠵᠤ ᠪᠠᠶᠢᠯ᠎ᠠ︕
 1.1.jpg 
     7 ᠳ᠋ᠤᠭᠠᠷ ᠰᠠᠷ᠎ᠠ ᠶᠢᠨ 11 ᠤ ᠦᠳᠡ ᠶᠢᠨ ᠬᠤᠶᠢᠨ᠎ᠠ ᠶᠢᠨ 6 ᠴᠠᠭ ᠤᠨ ᠦᠶ᠎ᠡ ᠪᠠᠷ᠂ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠬᠢᠯᠢ ᠪᠠᠷ ᠣᠷᠣᠵᠤ ᠭᠠᠷᠬᠤ ᠦᠨᠡᠮᠯᠡᠯ ᠭᠦᠢᠴᠡᠳᠭᠡᠬᠦ ᠶᠡᠭᠡ ᠲᠢᠩᠬᠢᠮ ᠤᠨ ᠳ᠋ᠢᠶᠠᠩᠬᠤᠸᠠ ᠲᠠᠷᠴᠢᠬᠢᠨᠠᠬᠤ ᠳᠤ᠂ ︽ᠲᠠ ᠰᠠᠶᠢᠨ ᠤᠤ︕ ᠡᠮᠦᠨᠡᠲᠦ ᠬᠤᠰᠢᠭᠤᠨ ᠤ ᠬᠢᠯᠢ ᠪᠠᠷ ᠣᠷᠤᠬᠤ ᠭᠠᠷᠬᠤ ᠬᠠᠮᠢᠶᠠᠷᠤᠯᠲᠠ︕︾ ᠭᠡᠵᠦ ᠠᠵᠢᠯ ᠠᠴᠠ ᠪᠠᠨ ᠪᠠᠭᠤᠬᠤ ᠪᠠᠷ ᠪᠡᠯᠡᠳᠬᠡᠵᠦ ᠪᠠᠶᠢᠭᠰᠠᠨ ᠠᠷᠠᠳ ᠤᠨ ᠴᠠᠭᠳᠠᠭ᠎ᠠ ᠨᠠᠨᠳᠢᠨ  ᠳ᠋ᠢᠶᠠᠩᠬᠤᠸᠠ ᠲᠤᠰᠪᠠ᠃ ᠡᠦ ᠠᠪᠠᠭ᠋ᠠᠶ ᠶᠢᠨ ᠫᠠᠰᠫᠣᠷᠲ ᠤᠨ ᠬᠤᠭᠤᠴᠠᠭ᠎ᠠ ᠨᠢ ᠨᠢᠭᠡᠨᠲᠡ ᠥᠩᠭᠡᠷᠡᠵᠦ᠂ ᠠᠦ᠋ᠰᠲᠷᠡᠯᠢᠶ᠎ᠠ ᠳᠤ ᠨᠤᠲᠤᠭᠰᠢᠨ ᠰᠠᠭᠤᠵᠤ ᠪᠠᠶᠢᠭ᠎ᠠ ᠥᠬᠢᠨ ᠨᠢ ᠬᠤᠶᠠᠳᠠᠬᠢ ᠬᠡᠦᠬᠡᠳ ᠢᠶᠠᠨ ᠬᠥᠩᠭᠡᠵᠢᠬᠦ ᠪᠣᠯᠤᠭᠰᠠᠨ ᠲᠤᠯᠠ᠂ ᠲᠦᠷᠭᠡᠬᠡᠨ ᠣᠴᠢᠵᠤ ᠬᠡᠥᠬᠡᠳ ᠢ ᠨᠢ ᠬᠠᠷᠠᠵᠤ ᠬᠠᠷᠠᠭᠠᠯᠵᠠᠵᠤ ᠥᠭᠬᠦ ᠶᠢ ᠰᠠᠨᠠᠭᠠᠴᠢᠯᠠᠪᠠ ᠭᠡᠵᠡᠢ᠃ ᠡᠨᠡ ᠦᠶ᠎ᠡ ᠳᠤ ᠨᠢᠭᠡᠨᠲᠡ ᠵᠠᠰᠠᠭ ᠤᠨ ᠶᠠᠪᠤᠳᠠᠯ ᠤᠨ ᠲᠢᠩᠬᠢᠮ ᠤᠨ ᠡᠭᠦᠳᠡ ᠪᠠᠨ ᠬᠠᠭᠠᠬᠤ ᠴᠠᠭ ᠪᠣᠯᠤᠭᠰᠠᠨ ᠲᠤᠯᠠ᠂ ᠨᠠᠨᠳᠢᠨ ︽ᠣᠨᠴᠠᠭᠠᠶ ᠬᠡᠷᠡᠭ ᠢ ᠣᠨᠴᠠᠭᠠᠶ ᠰᠢᠢᠳᠪᠦᠷᠢᠯᠡᠬᠦ︾ ᠬᠡᠯᠪᠡᠷᠢ ᠪᠠᠷ ᠦ᠋ ᠠᠪᠠᠭ᠋ᠠᠶ ᠲᠠᠢ ᠸᠢᠴᠠᠲ ᠨᠡᠮᠡᠵᠦ᠂ ᠪᠡᠯᠡᠳᠬᠡᠬᠦ ᠴᠢᠬᠤᠯᠠᠲᠠᠶ ᠬᠤᠯᠪᠣᠭᠳᠠᠯ ᠪᠥᠬᠦᠶ ᠦᠨᠡᠮᠯᠡᠯ ᠭᠦᠢᠴᠡᠳᠭᠡᠬᠦ ᠮᠠᠲ᠋ᠧᠷᠢᠶᠠᠯ ᠪᠠ ᠦᠨᠡᠮᠯᠡᠯ ᠭᠦᠢᠴᠡᠳᠭᠡᠬᠦ ᠶᠠᠪᠤᠴᠠ ᠶᠢ ᠨᠢᠭᠡ ᠤᠳᠠᠭ᠎ᠠ ᠨᠠᠷᠢᠨ ᠲᠣᠳᠣᠷᠬᠠᠶ ᠮᠡᠳᠡᠭᠳᠡᠵᠦ᠂ ᠮᠠᠲ᠋ᠧᠷᠢᠶᠠᠯ ᠢ ᠪᠦᠷᠢᠨ ᠪᠡᠯᠡᠳᠬᠡᠭᠰᠡᠨ ᠤ ᠳᠠᠷᠠᠭ᠎ᠠ ᠸᠢᠴᠠᠲ ᠢᠶᠠᠷ ᠳᠠᠮᠵᠢᠭᠤᠯᠤᠨ ᠮᠠᠲ᠋ᠧᠷᠢᠶᠠᠯ ᠢ ᠤᠷᠢᠳᠴᠢᠯᠠᠨ ᠬᠢᠨᠠᠵᠤ ᠬᠠᠷᠭᠤᠭᠤᠯᠬᠤ ᠶᠢᠨ ᠬᠠᠮᠲᠤ ᠲᠡᠭᠦᠨ ᠳᠤ ᠴᠠᠭ ᠲᠤᠬᠠᠶ ᠳᠤ ᠨᠢ ᠤᠲᠠᠰᠤ ᠪᠠ ᠸᠢᠴᠠᠲ ᠢᠶᠠᠷ ᠬᠠᠷᠢᠯᠴᠠᠬᠤ ᠪᠠᠷ ᠪᠣᠯᠪᠠ᠃ 7 ᠳ᠋ᠤᠭᠠᠷ ᠰᠠᠷ᠎ᠠ ᠶᠢᠨ 18 ᠤ ᠡᠳᠦᠷ ᠤᠨ 8 ᠴᠠᠭ 50 ᠮᠢᠨᠦ᠋ᠲ ᠲᠤ᠂ ᠦ᠋ ᠠᠪᠠᠭ᠋ᠠᠶ ᠤᠷᠠᠳ ᠤᠨ ᠡᠮᠦᠨᠡᠲᠦ ᠬᠤᠰᠢᠭᠤᠨ ᠤ ᠦᠨᠡᠮᠯᠡᠯ ᠭᠦᠢᠴᠡᠳᠭᠡᠬᠦ ᠦᠢᠯᠡᠴᠢᠯᠡᠭᠡᠨ ᠤ ᠲᠢᠩᠬᠢᠮ ᠤᠨ ᠬᠢᠯᠢ ᠪᠠᠷ ᠣᠷᠤᠬᠤ ᠭᠠᠷᠬᠤ ᠬᠠᠮᠢᠶᠠᠷᠤᠯᠲᠠ ᠶᠢᠨ ᠦᠢᠯᠡᠴᠢᠯᠡᠭᠡ ᠭᠦᠢᠴᠡᠳᠭᠡᠬᠦ ᠴᠣᠩᠬᠤᠨ ᠳᠤ ᠪᠠᠷᠤᠭ 20 ᠮᠢᠨᠦ᠋ᠲ ᠤᠨ ᠳᠠᠷᠠᠭ᠎ᠠ ᠫᠠᠰᠫᠣᠷᠲ ᠤᠨ ᠭᠠᠷ ᠭᠦᠢᠴᠡᠳᠭᠡᠯ ᠢᠶᠠᠨ ᠳᠠᠭᠤᠰᠬᠠᠭᠠᠳ᠄ ︽ᠲᠠᠨ ᠳᠤ ᠮᠠᠰᠢ ᠲᠠᠯᠠᠷᠬᠠᠵᠤ ᠪᠠᠶᠢᠨ᠎ᠠ᠂ ᠡᠲᠡᠭᠡᠷ ᠮᠠᠲ᠋ᠧᠷᠢᠶᠠᠯ ᠢ ᠭᠦᠢᠴᠡᠳᠭᠡᠬᠦ ᠳᠤ᠂ ᠪᠢ ᠬᠡᠳᠦᠨ ᠭᠠᠷᠠᠭ ᠣᠷᠤᠮᠠᠨᠵᠢᠨ ᠰᠠᠶ᠋ᠢ ᠭᠦᠢᠴᠡᠳᠭᠡᠵᠦ ᠴᠢᠳᠠᠨ᠎ᠠ᠂ ᠣᠳᠤ ᠰᠠᠶ᠋ᠢ ᠨᠢᠭᠡ ᠭᠠᠷᠠᠭ ᠤᠨ ᠳᠣᠲᠣᠷ᠎ᠠ ᠬᠢᠭᠡᠳ ᠪᠠᠷᠠᠴᠢᠬᠠᠯ᠎ᠠ᠂ ᠮᠢᠨᠦ ᠨᠥᠬᠦᠷ ᠤᠨ ᠫᠠᠰᠫᠣᠷᠲ ᠲᠠᠢ ᠬᠢᠭᠡᠳ ᠪᠠᠷᠠᠴᠢᠬᠠᠪᠠ᠂ ᠣᠲᠣ ᠬᠡᠷ ᠲᠤ ᠪᠠᠨ ᠰᠠᠭᠤᠭᠠᠳ ᠫᠠᠰᠫᠣᠷᠲ ᠤᠨ ᠭᠠᠷ ᠲᠤ ᠣᠷᠣᠬᠤ ᠶᠢ ᠬᠦᠯᠢᠶᠡᠪᠡᠯ ᠪᠣᠯᠴᠢᠬᠠᠨ᠎ᠠ᠂ ᠦᠨᠡᠬᠡᠷ ᠲᠠᠨ ᠳᠤ ᠲᠠᠯᠠᠷᠬᠠᠵᠤ ᠪᠠᠶᠢᠨ᠎ᠠ︾ ᠭᠡᠵᠡᠶ᠃  ︽ᠡᠭᠦᠳᠡᠨ ᠳᠡᠭᠡᠷ᠎ᠡ ᠪᠠᠨ ᠡᠷᠦᠬᠡ ᠠᠮᠠ ᠶᠢᠨ ᠳᠠᠩᠰᠠᠨ ᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠪᠣᠯᠪᠠ᠂ ᠦᠨᠡᠬᠡᠷ ᠳᠥᠭᠦᠮ᠃︾ ︽ᠦᠨᠡᠬᠡᠷ ᠰᠠᠶᠢᠨ ᠪᠣᠯᠤᠯ᠎ᠠ᠂ ᠲᠤᠰᠬᠠᠶᠢᠯᠠᠨ ᠡᠮᠨᠡᠯᠭᠡ ᠳᠤ ᠬᠦᠷᠴᠦ ᠪᠡᠶ᠎ᠡ ᠪᠠᠨ ᠪᠠᠶᠢᠴᠠᠭᠠᠯᠭᠠᠬᠤ ᠬᠡᠷᠡᠭ ᠦᠭᠡᠶ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠪᠡᠶ᠎ᠡ ᠪᠠᠨ ᠪᠠᠶᠢᠴᠠᠭᠠᠯᠭᠠᠵᠤ᠂ ᠵᠢᠯᠣᠭᠤᠴᠢ ᠶᠢᠨ ᠦᠨᠡᠮᠯᠡᠯ ᠢᠶᠠᠨ ᠰᠣᠯᠢᠵᠤ ᠪᠣᠯᠤᠨ᠎ᠠ᠃︾ ᠭᠡᠵᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠶᠠᠷᠢᠵᠤ ᠪᠠᠶᠢᠯ᠎ᠠ᠃
7.jpg  
      ᠵᠤᠨ ᠤ ᠤᠯᠠᠷᠢᠯ ᠪᠣᠯᠬᠤ ᠳᠤ᠂ ᠮᠤᠨᠠ ᠠᠭᠤᠯᠠ ᠶᠢᠨ ᠬᠤᠲᠠ ᠶᠢᠨ ᠲᠣᠭᠤᠷᠢᠭ ᠤᠨ ᠲᠣᠮᠢᠯᠠᠭᠰᠠᠨ ᠰᠠᠯᠪᠤᠷᠢ ︽ᠳᠣᠲᠣᠭᠠᠳᠤ ᠶᠢ ᠬᠠᠮᠠᠭᠠᠯᠠᠬᠤ ᠰᠦᠯᠵᠢᠶᠡᠨ ᠤ ᠤᠬᠠᠭᠤᠯᠤᠭᠴᠢ︾ ᠪᠠᠷ ᠳᠠᠮᠵᠢᠭᠤᠯᠤᠨ᠂ ᠡᠯ᠎ᠡ ᠨᠡᠶᠢᠭᠡᠮ ᠲᠣᠭᠤᠷᠢᠭ ᠤᠨ ᠪᠦᠯᠦᠭᠯᠡᠯ ᠳᠤ ᠨᠡᠶᠢᠲᠡᠯᠡᠭᠰᠡᠨ ︽ᠣᠶᠢᠷ᠎ᠠ ᠶᠢᠨ ᠬᠤᠭᠤᠴᠠᠭᠠᠨ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠥᠨᠢ ᠶᠢᠨ ᠪᠠᠶᠢᠩᠭᠤ ᠶᠢᠨ ᠴᠢᠨᠠᠷᠲᠠᠶ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠬᠢᠵᠦ ᠪᠠᠶᠢᠨ᠎ᠠ᠂ ᠬᠠᠷᠢᠶ᠎ᠠ ᠣᠷᠣᠨ ᠳᠤ ᠠᠮᠤᠷ ᠲᠦᠪᠰᠢᠨ ᠤ ᠲᠠᠯ᠎ᠠ ᠪᠠᠷ ᠡᠮᠬᠢ ᠵᠠᠮᠪᠠᠷᠠᠭ᠎ᠠ ᠦᠭᠡᠶ ᠠᠰᠠᠭᠤᠳᠠᠯ ᠣᠷᠣᠰᠢᠵᠤ ᠪᠠᠶᠢᠪᠠᠯ ᠣᠷᠣᠨ ᠪᠠᠶᠢᠷᠢ ᠶᠢ ᠨᠢ ᠮᠡᠳᠡᠭᠦᠯᠬᠦ ᠪᠤᠶᠤ ᠲᠤᠰᠬᠠᠵᠤ ᠪᠣᠯᠤᠨ᠎ᠠ᠂ ᠪᠢᠳᠡ ᠴᠠᠭᠳᠠᠭᠠᠨ ᠤ ᠬᠦᠴᠦᠨ ᠢ ᠪᠠᠶᠢᠷᠢᠯᠠᠭᠤᠯᠵᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠪᠠ ᠰᠠᠨᠠᠭᠤᠯᠤᠨ ᠮᠡᠳᠡᠭᠳᠡᠬᠦ ᠠᠵᠢᠯ ᠢ ᠰᠠᠶᠢᠲᠤᠷ ᠬᠢᠨ᠎ᠡ︾ ᠭᠡᠵᠡᠶ᠃ ᠮᠡᠳᠡᠭᠡ ᠵᠠᠩᠭᠢ ᠶᠢᠨ ᠲᠠᠯ᠎ᠠ ᠪᠠᠷ᠂ ᠸᠢᠴᠠᠲ ᠤᠨ ᠴᠤᠭᠯᠠᠷᠠᠯ ᠳᠤ ᠣᠯᠠᠨ ᠨᠠᠶᠢᠵᠠ ᠨᠠᠷ ᠤᠨ ᠬᠠᠯᠠᠭᠤᠨ ᠶᠠᠷᠢᠯᠴᠠᠭ᠎ᠠ ᠶᠢ ᠨᠢᠭᠡ ᠦᠶ᠎ᠡ ᠡᠭᠦᠰᠭᠡᠪᠡ᠃ ᠢᠯᠠᠩᠭᠤᠶ᠎ᠠ ᠠᠷᠢᠬᠢᠨ ᠮᠤᠬᠤᠯᠠᠭ ᠤᠨ ᠣᠶᠢᠷᠠᠯᠴᠠᠭ᠎ᠠ ᠰᠠᠭᠤᠵᠤ ᠪᠠᠶᠢᠭ᠎ᠠ ᠨᠠᠶᠢᠵᠠ ᠨᠠᠷ ᠰᠥᠨᠢ ᠪᠠᠷ ᠠᠷᠢᠬᠢ ᠤᠤᠭᠤᠬᠤ ᠳᠤ ᠪᠠᠨ ᠶᠡᠭᠡ ᠲᠠᠭᠤᠨ ᠢᠶᠠᠷ ᠦᠢᠮᠡᠯᠳᠦᠨ ᠱᠤᠤᠭᠢᠯᠳᠤᠵᠤ ᠠᠷᠠᠳ ᠢ ᠦᠢᠮᠡᠭᠦᠯᠬᠦ ᠠᠰᠠᠭᠤᠳᠠᠯ ᠢ ᠴᠤ ᠳᠤᠷᠠᠳᠤᠭᠰᠠᠨ ᠪᠠᠶᠢᠨ᠎ᠠ᠃
 8.png 
     ᠰᠦᠯᠵᠢᠶᠡᠨ ᠳᠡᠭᠡᠷᠡᠬᠢ ᠬᠠᠷᠢᠯᠴᠠᠭ᠎ᠠ᠂ ᠰᠦᠯᠵᠢᠶᠡᠨ ᠭᠠᠳᠠᠨᠠᠬᠢ ᠶᠢᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ᠂ ᠲᠡᠳᠡᠨ ᠤ ᠶᠠᠭᠠᠷᠠᠯᠲᠠᠢ ᠪᠠᠷ᠎ᠠ ᠶᠢ ᠬᠠᠷᠢᠶᠠᠲᠤ ᠣᠷᠣᠨ ᠤ ᠣᠯᠠᠨ ᠲᠦᠮᠡᠨ ᠭᠠᠷ ᠤᠲᠠᠰᠤ ᠪᠠᠷ ᠬᠡᠷᠡᠯ ᠵᠢᠷᠤᠭ ᠪᠣᠯᠭᠠᠨ ᠰᠡᠭᠦᠳᠡᠷᠯᠡᠨ ᠳᠠᠮᠵᠢᠭᠤᠯᠵᠤ᠂ ᠲᠡᠷᠡ ᠳᠠᠷᠤᠶ ᠳᠤ ᠨᠢ ᠰᠦᠯᠵᠢᠶᠡᠨ ᠳᠡᠭᠡᠷᠡᠬᠢ ᠥᠷᠭᠡᠨ ᠣᠯᠠᠨ ᠨᠠᠶᠢᠵᠠ ᠨᠠᠷ ᠤᠨ ᠮᠠᠭᠲᠠᠭᠠᠯ ᠰᠠᠶᠢᠰᠢᠶᠠᠯ ᠢ ᠤᠯᠪᠠ᠃     ᠠᠵᠢᠯ ᠳᠤ ᠭᠠᠷᠬᠤ ᠵᠠᠮ ᠳᠡᠭᠡᠷ᠎ᠡ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭ᠎ᠠ ᠶᠢ ᠵᠢᠯᠣᠭᠤᠳᠴᠤ᠂ ᠰᠤᠷᠭᠠᠭᠤᠯᠢ ᠶᠢᠨ ᠡᠭᠦᠳᠡᠨ ᠳᠤ ᠰᠤᠷᠤᠯᠭ᠎ᠠ ᠶᠢ ᠬᠠᠮᠠᠭᠠᠯᠠᠬᠤ ᠬᠠᠷᠠᠭᠤᠯ᠂ ᠨᠡᠯᠢᠶᠡᠳ ᠶᠡᠭᠡ ᠬᠡᠪᠴᠢᠶᠡᠨ ᠤ ᠠᠵᠤ ᠠᠬᠤᠶᠢᠯᠠᠯ ᠳᠤ ᠴᠠᠭᠳᠠᠭᠠᠨ ᠤ ᠶᠠᠪᠤᠳᠠᠯ ᠤᠨ ᠲᠠᠰᠤᠭ ᠲᠠᠢ᠂ ᠰᠥᠨᠢ ᠶᠢᠨ ᠦᠢᠮᠡᠭᠡᠨ ᠳᠤ ᠬᠤᠲᠠ ᠶᠢᠨ ᠲᠣᠭᠤᠷᠢᠭ ᠲᠤ ᠴᠠᠭᠳᠠᠭᠠᠨ ᠤ ᠳ᠋ᠧᠩ ᠭᠢᠯᠠᠯᠵᠠᠵᠤ᠂ ᠪᠠᠰᠠ ︽ᠳᠣᠲᠣᠭᠠᠳᠤ ᠶᠢ ᠬᠠᠮᠠᠭᠠᠯᠠᠬᠤ ᠰᠦᠯᠵᠢᠶᠡᠨ ᠤ ᠤᠬᠠᠭᠤᠯᠤᠭᠴᠢ︾ ᠶᠢᠨ ᠳᠣᠲᠣᠷᠠᠬᠢ 24 ᠴᠠᠭ ᠤᠨ ᠰᠦᠯᠵᠢᠶᠡᠨ ᠳᠠᠬᠢ ᠨᠡᠶᠢᠭᠡᠮ ᠲᠣᠭᠤᠷᠢᠭ ︵ᠲᠣᠰᠬᠤᠨ ᠳᠤ ᠰᠠᠭᠤᠭ᠎ᠠ︶ ᠤᠨ ᠴᠠᠭᠳᠠᠭ᠎ᠠ ᠨᠠᠷ ᠁     ᠬᠦᠳᠡᠭᠡ ᠠᠴᠠ ᠬᠤᠳᠠ ᠬᠦᠷᠲᠡᠯ᠎ᠡ᠂ ︽ᠪᠣᠷᠪᠢ︾ ᠠᠴᠠ ︽ᠬᠤᠷᠤᠭᠤᠨ ᠦᠵᠦᠭᠦᠷ︾ ᠬᠦᠷᠲᠡᠯ᠎ᠡ᠂ ᠴᠠᠭᠳᠠᠭ᠎ᠠ ᠠᠷᠠᠳ ᠤᠨ ᠬᠠᠯᠠᠭᠤᠨ ᠳᠤᠯᠠᠭᠠᠨ ᠬᠤᠷᠰᠢᠯᠴᠠᠬᠤ ᠠᠭᠱᠠᠨ ᠳᠤ᠂ ᠦᠵᠡᠰᠬᠦᠯᠡᠩᠲᠦ ᠰᠠᠶᠢᠬᠠᠨ ᠠᠮᠤᠷ ᠠᠮᠤᠭᠤᠯᠠᠩ ᠤᠨ ᠵᠢᠷᠤᠭ ᠰᠡᠭᠦᠳᠡᠷ ᠢ ᠬᠠᠮᠲᠤ ᠪᠠᠷ ᠵᠢᠷᠤᠵᠤ ᠪᠠᠶᠢᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ