ᠪᠠᠶᠠᠠᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠭᠢᠨᠳᠡᠨ ᠬᠤᠷᠢᠭᠤᠯ ᠤᠨ ᠭᠠᠵᠠᠷ ᠤᠨ | ᠠᠮᠤᠷ ᠲᠦᠪᠰᠢᠨ ᠲᠣᠭᠲᠠᠭᠤᠨ ᠢ ᠪᠠᠲᠤᠯᠠᠬᠤ ᠪᠠᠷ ᠭᠤᠣᠯ ᠪᠣᠯᠭᠠᠨ᠂ ᠦᠢᠯᠡᠴᠢᠯᠡᠭᠡᠨ ᠤ ᠵᠠᠭᠪᠤᠷ ᠤᠨ ᠥᠭᠡᠷᠡᠴᠢᠯᠡᠯᠲᠡ ᠪᠠᠷ ᠠᠬᠢᠭᠤᠯᠤᠭᠴᠢ ᠪᠣᠯᠭᠠᠵᠤ᠂ ᠲᠡᠷᠢᠭᠦᠨ | ᠵᠡᠷᠭᠡ ᠶᠢᠨ ᠭᠢᠨᠳᠡᠨ ᠬᠤᠷᠢᠭᠤᠯ ᠤᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠨ᠂ ᠭᠢᠨᠳᠡᠨ ᠬᠤᠷᠢᠭᠤᠯ ᠤᠨ ᠭᠠᠵᠠᠷ ᠤᠨ ︽ᠲᠠᠪᠤᠨ ᠣᠳᠣᠬᠢᠴᠢᠯᠠᠯᠲᠠ ᠶᠢᠨ | ᠪᠠᠶᠢᠭᠤᠯᠤᠯᠲᠠ︾ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠰᠦᠪᠡᠭᠴᠢᠯᠡᠨ᠂ ᠤᠯᠠᠮᠵᠢᠯᠠᠯᠲᠤ ᠠᠵᠢᠯ ᠤᠨ ᠰᠡᠳᠬᠢᠴᠡ ᠶᠢ | ᠡᠪᠳᠡᠵᠦ᠂ ᠬᠥᠮᠥᠡᠯᠢᠭ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠶᠢ ᠲᠤᠪᠤᠶᠢᠯᠭᠠᠨ᠂ ᠴᠡᠷᠢᠭᠵᠢᠭᠰᠡᠨ ᠵᠢᠷᠤᠮᠵᠢᠭᠰᠠᠨ ᠬᠠᠮᠢᠶᠠᠷᠤᠯᠲᠠ ᠶᠢ ᠴᠢᠩᠳᠠᠯᠠᠵᠤ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠠᠵᠢᠯ ᠦᠢᠯᠡᠰ ᠤᠨ ᠰᠡᠳᠬᠢᠯᠭᠡ ᠪᠠᠷ ᠭᠢᠨᠳᠡᠨ ᠬᠤᠷᠢᠭᠤᠯ ᠤᠨ ᠭᠠᠵᠠᠷ ᠤᠨ ᠠᠮᠤᠷ ᠲᠦᠪᠰᠢᠨ ᠢ ᠬᠠᠮᠠᠭᠠᠯᠠᠵᠤ᠂ | ᠵᠢᠷᠭᠤᠭᠠᠨ ᠵᠢᠯ ᠳᠠᠷᠠᠭᠠᠯᠠᠨ ᠠᠮᠤᠷ ᠲᠦᠪᠰᠢᠨ ᠤ ᠲᠠᠯ᠎ᠠ ᠪᠠᠷ ᠡ᠊ᠨᠳᠡᠯ ᠦᠭᠡᠢ ᠪᠠᠶᠢᠬᠤ ᠶᠢ ᠪᠡᠶᠡᠯᠡᠭᠦᠯᠪᠡ᠃ | | | | ᠨᠢᠭᠡ᠂ ᠣᠨᠣᠯᠵᠢᠬᠤᠨ ᠤ ᠰᠢᠨ᠎ᠡ ᠶᠢ ᠡᠭᠦᠳᠴᠦ ᠰᠠᠭᠤᠷᠢ ᠶᠢ ᠪᠠᠬᠢᠵᠢᠭᠦᠯᠵᠦ᠂ ᠲᠡᠷᠢᠭᠦᠨ ᠤ ᠬᠢᠨᠠᠨ ᠬᠠᠮᠢᠶᠠᠷᠬᠤ ᠨᠢᠭᠡᠴᠢ ᠶᠢ ᠪᠠᠶᠢᠭᠤᠯᠪᠠ᠃ | ︵ᠨᠢᠭᠡ︶ ᠤᠳᠤᠷᠢᠳᠤᠯᠭ᠎ᠠ ᠠᠴᠠ ᠰᠠᠭᠤᠷᠢ ᠠᠵᠢᠯ ᠢ ᠴᠢᠬᠤᠯᠠᠴᠢᠯᠠᠵᠤ ᠴᠢᠩᠭᠠᠷᠠᠭᠤᠯᠪᠠ᠃ | ︵ᠬᠤᠶᠠᠷ︶ ᠴᠠᠭᠳᠠᠭᠠᠨ ᠤ ᠬᠦᠴᠦᠨ ᠤ ᠣᠷᠣᠨ ᠲᠤᠭ᠎ᠠ ᠶᠢ ᠨᠠᠶᠢᠳᠠᠪᠤᠷᠢᠵᠢᠭᠤᠯᠵᠤ᠂ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠪᠡ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠵᠤ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠵᠠᠭᠪᠤᠷ ᠢ ᠪᠥᠬᠦ | ᠲᠠᠯ᠎ᠠ ᠪᠠᠷ ᠬᠡᠷᠡᠭᠵᠢᠭᠦᠯᠪᠡ᠃ | | | | ᠬᠤᠶᠠᠷ᠂ ᠬᠠᠮᠢᠶᠠᠷᠤᠯᠲᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠢᠨᠳᠠᠨ ᠬᠤᠷᠢᠭᠤᠯ ᠤᠨ ᠭᠠᠵᠠᠷ ᠢ ᠵᠢᠷᠤᠮᠵᠢᠭᠤᠯᠬᠤ ᠰᠢᠨ᠎ᠡ ᠬᠡᠪ | ᠵᠠᠭᠪᠤᠷ ᠢ ᠪᠣᠶ ᠪᠣᠯᠭᠠᠪᠠ᠃ | ︵ᠨᠢᠭᠡ︶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭ᠎ᠠ ᠠᠳᠬᠤᠵᠤ᠂ ᠬᠢᠨᠠᠨ ᠬᠠᠮᠢᠶᠠᠷᠬᠤ ᠠᠷᠠᠳ ᠤᠨ ᠴᠠᠭᠳᠠᠭ᠎ᠠ ᠶᠢᠨ ᠬᠡᠪ ᠴᠢᠨᠠᠷ ᠢ | ᠳᠡᠭᠡᠭᠰᠢᠯᠡᠭᠦᠯᠪᠡ᠃ | ︵ᠬᠤᠶᠠᠷ︶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠳᠠᠯᠠᠵᠤ᠂ ᠬᠥᠮᠥᠡᠯᠢᠭ ᠬᠠᠮᠢᠶᠠᠷᠤᠯᠲᠠ ᠶᠢ ᠴᠢᠩᠭᠠᠷᠠᠭᠤᠯᠪᠠ᠃ | ︵ᠭᠤᠷᠪᠠ︶ ᠠᠵᠢᠯ ᠤᠨ ᠲᠦᠷᠢᠮ ᠢ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠠᠮᠤᠷ ᠲᠦᠪᠰᠢᠨ ᠢ ᠦᠨᠡᠨ ᠬᠦ ᠪᠠᠳᠤᠯᠠᠪᠠ᠃ | |