7 ᠳ᠋ᠤᠭᠠᠷ ᠰᠠᠷ᠎ᠠ ᠶᠢᠨ 17 ᠤ ᠥᠷᠯᠥᠭᠡ᠂ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠯᠲᠠᠨ ᠤ ᠳᠡᠯᠭᠡᠭᠦᠷ ᠤᠨ | ᠬᠤᠯᠠᠭᠠᠶᠢᠯᠠᠭᠳᠠᠭᠰᠠᠨ ᠣᠨᠴᠠ ᠶᠡᠭᠡ ᠬᠡᠷᠡᠭ ᠢ ᠢᠯᠡᠷᠡᠭᠦᠯᠵᠦ᠂ ᠬᠡᠷᠡᠭ ᠤᠨ ᠥᠷᠲᠡᠭ ᠨᠢ 10 ᠲᠦᠮᠡ ᠭᠠᠷᠤᠶ ᠲᠥᠭᠦᠷᠢᠭ ᠪᠠᠶᠢᠵᠤ᠂ ᠶᠠᠯ᠎ᠠ ᠬᠢᠭᠰᠡᠨ 1 ᠰᠡᠵᠢᠭᠳᠡᠨ ᠢ | ᠪᠠᠷᠢᠪᠴᠢᠯᠠᠵᠤ᠂ ᠪᠥᠬᠦ ᠪᠤᠵᠠᠷ ᠡᠳ᠋ ᠢ ᠨᠡᠬᠡᠮᠵᠢᠯᠡᠨ ᠲᠤᠰᠢᠶᠠᠯᠭᠠᠭᠠᠳ ᠬᠠᠷᠢᠶᠠᠲᠤ ᠣᠷᠣᠨ ᠤ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠶ᠃ | | | | 7 ᠳ᠋ᠤᠭᠠᠷ ᠰᠠᠷ᠎ᠠ ᠶᠢᠨ 12 ᠤᠨ ᠥᠷᠯᠥᠭᠡ᠂ ᠦᠶᠤᠸᠠᠨ ᠰᠢᠶᠠᠨ ᠤ ᠵᠢᠩ ᠶᠤᠸᠠᠨ ᠤ ᠡᠮᠦᠨ᠎ᠡ ᠡᠭᠦᠳᠡᠨ ᠤ ᠦᠶᠤᠸᠠᠨ ᠠᠯᠲᠠᠨ ᠤ ᠳᠡᠯᠭᠡᠭᠦᠷ ᠲᠦᠭᠰᠢᠭᠦᠷᠢ | ᠮᠡᠳᠡᠭᠦᠯᠦᠭᠡᠳ᠂ ᠳᠡᠯᠭᠡᠭᠦᠷ ᠤᠨ ᠳᠣᠲᠣᠷᠠᠬᠢ ᠠᠯᠲᠠ ᠮᠥᠩᠭᠦᠨ ᠵᠠᠰᠠᠯ ᠵᠢᠮᠰᠡᠭ ᠨᠢ ᠬᠤᠯᠠᠭᠠᠶᠢᠯᠠᠭᠳᠠᠵᠤ᠂ ᠨᠡᠶᠢᠲᠡ 10 ᠲᠦᠮᠡ ᠭᠠᠷᠤᠶ ᠲᠥᠭᠦᠷᠢᠭ ᠤᠨ ᠥᠷᠲᠡᠭ ᠲᠠᠢ | ᠭᠡᠵᠡᠢ᠃ ᠴᠠᠭᠳᠠᠭ᠎ᠠ ᠶᠢᠨ ᠲᠦᠭᠰᠢᠭᠦᠷᠢ ᠮᠡᠳᠡᠭᠦᠯᠦᠯᠲᠡ ᠶᠢ ᠣᠯᠤᠭᠰᠠᠨ ᠤ ᠲᠠᠷᠠᠭ᠎ᠠ᠂ ᠲᠤᠷᠰᠢᠨ ᠪᠠᠶᠢᠴᠠᠭᠠᠭᠴᠢ ᠳᠠᠷᠤᠶ ᠲᠦᠷᠭᠡᠨ ᠲᠤᠬᠠᠶ ᠶᠢᠨ ᠲᠠᠯᠠᠪᠤᠷ ᠲᠤ ᠬᠦᠷᠴᠦ | ᠪᠠᠶᠢᠴᠠᠭᠠᠯᠲᠠ ᠬᠢᠵᠦ᠂ ᠬᠡᠷᠡᠭ ᠤᠨ ᠪᠠᠶᠢᠳᠠᠯ ᠢ ᠬᠠᠮᠤᠭ ᠤᠨ ᠲᠡᠷᠢᠭᠦᠨ ᠳᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠤ ᠮᠡᠳᠡᠭᠦᠯᠬᠦ ᠶᠢᠨ ᠬᠠᠮᠲᠤ ᠬᠡᠷᠡᠭ ᠢ | ᠢᠯᠡᠷᠡᠭᠦᠯᠬᠦ ᠲᠤᠰᠬᠠᠶ ᠲᠤᠭᠤᠶᠢᠯᠠᠩ ᠪᠠᠶᠢᠭᠤᠯᠪᠠ᠃ ᠭᠤᠷᠪᠠᠨ ᠰᠥᠨᠢ ᠭᠤᠷᠪᠠᠨ ᠡᠳᠦᠷ ᠨᠠᠷᠢᠨ ᠨᠢᠮᠪᠠᠶ ᠮᠥᠷᠳᠡᠨ ᠪᠠᠶᠢᠴᠠᠭᠠᠵᠤ᠂ ᠡᠴᠦᠰ ᠲᠤ ᠪᠠᠨ ᠶᠠᠯ᠎ᠠ ᠬᠢᠭᠰᠡᠨ | ᠰᠡᠵᠢᠭᠳᠡᠨ ᠤ ᠣᠷᠣᠨ ᠪᠠᠶᠢᠷᠢ ᠶᠢ ᠲᠣᠭᠲᠠᠭᠠᠵᠤ᠂ ᠤᠷᠠᠳ ᠤᠨ ᠳᠤᠮᠳᠠᠳᠤ ᠬᠤᠰᠢᠭᠤᠨ ᠳᠤ ᠶᠠᠯ᠎ᠠ ᠬᠢᠭᠰᠡᠨ ᠰᠡᠵᠢᠭᠳᠡᠨ ᠯᠢ ᠣᠪᠣᠭᠲᠤ ᠶᠢ ᠪᠠᠷᠢᠪᠴᠢᠯᠠᠪᠠ᠃ | ᠳᠠᠷᠠᠭ᠎ᠠ ᠨᠢ᠂ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠯᠢᠨ ᠾᠧ ᠲᠣᠭᠤᠷᠢᠭ ᠤᠨ ᠰᠢᠨ ᠬᠤᠸᠠ ᠪᠠᠯᠭᠠᠰᠤ ᠪᠣᠯᠤᠨ ᠦᠶᠤᠸᠠᠨ ᠰᠢᠶᠠᠨ ᠤ ᠲᠣᠭᠤᠷᠢᠬᠤ | ᠪᠠᠯᠭᠠᠰᠤᠨ ᠳᠤ ᠪᠠᠶᠢᠭ᠎ᠠ ᠰᠡᠵᠢᠭᠳᠡᠨ ᠤ ᠣᠷᠤᠨ ᠰᠠᠭᠤᠴᠠ ᠳᠤ ᠬᠦᠷᠴᠦ᠂ ᠬᠡᠷᠡᠭ ᠬᠢᠭᠰᠡᠨ ᠪᠠᠭᠠᠵᠢ᠂ ᠬᠤᠯᠠᠭᠠᠶᠢᠯᠠᠭᠳᠠᠭᠰᠠᠨ ᠡᠳ᠋ ᠪᠣᠳᠠᠰ ᠵᠢᠴᠢ ᠪᠤᠰᠤᠳ ᠰᠡᠵᠢᠭᠯᠡᠯᠲᠡᠶ | ᠡᠳ᠋ ᠪᠣᠳᠠᠰ ᠢ ᠲᠤᠬᠠᠶ ᠶᠢᠨ ᠲᠠᠯᠠᠪᠠᠶ ᠳᠤ ᠪᠠᠶᠢᠴᠠᠭᠠᠨ ᠭᠠᠷᠭᠠᠵᠠᠶ᠃ | | | | ᠣᠳᠣᠬᠠᠨ ᠳᠤ ᠬᠡᠷᠡᠭ ᠢ ᠤᠯᠠᠮ ᠨᠢᠭᠡ ᠠᠯᠬᠤᠮ ᠳᠡᠩᠨᠡᠨ ᠪᠠᠶᠢᠴᠠᠭᠠᠵᠤ ᠪᠠᠶᠢᠨ᠎ᠠ᠃ | |