ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ︽ᠵᠣᠬᠢᠶᠠᠨ ᠪᠦᠲᠦᠭᠡᠬᠦ ᠪᠣᠯᠪᠠᠰᠤᠷᠠᠯ ᠤᠨ ᠰᠠᠭᠤᠷᠢᠨ︾ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/7/25
      2017 ᠣᠨ ᠤ 11 ᠰᠠᠷ᠎ᠠ ᠶᠢᠨ 21 ᠤ ᠡᠳᠦᠷ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠳᠣᠲᠣᠨᠣ ᠵᠠᠬᠢᠳᠠᠯ ᠢᠯᠡᠭᠡᠵᠦ᠂ ᠤᠯᠠᠭᠠᠨᠮᠥ᠋ᠴᠢᠷ ᠪᠣᠯ ︽ᠪᠦᠬᠦ ᠤᠯᠤᠰ ᠤᠨ ᠤᠳᠬ᠎ᠠ ᠤᠷᠠᠯᠢᠭ ᠤᠨ ᠹᠷᠣᠨᠲ ᠤᠨ ᠨᠢᠭᠡᠨ ᠲᠤᠭ︾ ᠪᠣᠯᠬᠤ ᠶᠢ ᠭᠦᠢᠴᠡᠳ ᠨᠤᠲᠠᠯᠠᠵᠤ᠂ ᠣᠯᠠᠨ ᠢᠶᠠᠷ ᠢᠶᠠᠨ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠠᠮᠢᠳᠤᠷᠠᠯ ᠤᠨ ᠥᠩ ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ ᠲᠦᠮᠡᠨ ᠳᠤ ᠦᠢᠯᠡᠴᠢᠯᠡᠵᠦ᠂ ᠤᠳᠬ᠎ᠠ ᠤᠷᠠᠯᠢᠭ ᠤᠨ ᠰᠢᠨ᠎ᠡ ᠡᠭᠦᠳᠦᠯᠲᠡ ᠶᠢ ᠠᠬᠢᠭᠤᠯᠵᠤ᠂ ᠣᠯᠠᠨ ᠲᠦᠮᠡᠨ ᠤ ᠲᠠᠢ ᠣᠶᠢᠷᠠᠳᠤᠭᠰᠠᠨ᠂ ᠣᠯᠠᠨ ᠲᠦᠮᠡᠨ ᠤ ᠳᠤᠮᠳᠠ ᠤᠯᠠᠮᠵᠢᠯᠠᠭᠳᠠᠵᠤ᠂ ᠣᠯᠠᠨ ᠲᠦᠮᠡᠨ ᠳᠤ ᠲᠠᠭᠠᠰᠢᠶᠠᠭᠳᠠᠭᠰᠠᠨ ᠰᠢᠯᠢᠳᠡᠭ ᠪᠦᠲᠦᠭᠡᠯ ᠢ ᠨᠡᠩ ᠣᠯᠠᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠲᠤᠭᠠᠢ ᠭᠡᠵᠦ ᠤᠷᠢᠶᠠᠯᠠᠪᠠ᠃
O92A3518(1).jpg
     ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠰᠣᠶᠣᠯ ᠤᠨ ᠬᠥᠭᠵᠢᠯᠲᠡ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠰᠣᠶᠣᠯ ᠤᠨ ᠴᠠᠭᠳᠠᠭ᠎ᠠ ᠶᠢᠨ ᠰᠡᠳᠬᠢᠯ ᠢ ᠨᠢᠭᠲᠠᠷᠠᠭᠤᠯᠬᠤ᠂ ᠲᠡᠮᠡᠴᠡᠯ ᠤᠨ ᠵᠣᠷᠢᠭ ᠢ ᠬᠥᠭᠵᠢᠭᠡᠬᠦ᠂ ᠦᠵᠡᠯ ᠰᠡᠳᠬᠢᠯᠭᠡ ᠶᠢ ᠪᠣᠯᠪᠠᠰᠤᠷᠠᠭᠤᠯᠬᠤ᠂ ᠳᠦᠷᠢ ᠲᠥᠷᠬᠦ ᠶᠢ ᠪᠣᠢ ᠪᠣᠯᠭᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠰᠣᠶᠣᠯ ᠤᠨ ᠪᠠᠶᠢᠭᠤᠯᠤᠯᠲᠠ ᠶᠢᠨ ᠳᠣᠲᠣᠭᠠᠳᠤ ᠶᠢ ᠬᠠᠮᠠᠭᠠᠯᠠᠬᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠬᠤ ᠶᠢ ᠦᠷᠭᠦᠯᠵᠢᠯᠡᠨ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠰᠣᠶᠣᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠪᠠᠶᠢᠭᠠᠳ ᠳᠣᠲᠣᠭᠠᠳᠤ ᠶᠢ ᠬᠠᠮᠠᠭᠠᠯᠠᠬᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠬᠤ ᠶᠢᠨ ᠲᠥᠯᠥᠭᠡ᠂ 7 ᠰᠠᠷ᠎ᠠ ᠶᠢᠨ 13 ᠤ ᠡᠳᠦᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ ᠪᠣᠯᠪᠠᠰᠤᠷᠠᠯ ᠤᠨ ᠰᠠᠭᠤᠷᠢᠨ ᠭᠠᠵᠠᠷ ᠴᠡᠴᠡᠭ ᠤᠨ ᠪᠦᠮᠪᠦᠯᠢᠭ ᠤᠷᠠᠯᠢᠭ ᠤᠨ ᠰᠤᠷᠭᠠᠨ ᠬᠥᠮᠦᠵᠢᠯ ᠳᠤ ᠫᠠᠶᠢᠰᠠ ᠡᠯᠭᠦᠨ ᠪᠠᠶᠢᠭᠤᠯᠤᠭᠳᠠᠪᠠ᠃ 
2022年人民警察节文艺汇演 (2).JPG
     ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠬᠤ ᠪᠣᠯ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠰᠣᠶᠣᠯ ᠢ ᠣᠯᠠᠨ ᠲᠦᠮᠡᠨ ᠲᠠᠢ ᠤᠢᠢᠷᠠᠳᠤᠭᠰᠠᠨ᠂ ᠥᠷᠭᠡᠨ ᠢᠶᠠᠷ ᠤᠯᠠᠮᠵᠢᠯᠠᠭᠰᠠᠨ᠂ ᠠᠷᠠᠳ ᠣᠯᠠᠨ ᠤ ᠰᠣᠶᠣᠯ ᠤᠨ ᠬᠡᠷᠡᠭᠴᠡᠭᠡ ᠶᠢ ᠬᠠᠩᠭᠠᠭᠰᠠᠨ᠂ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠢ ᠨᠡᠮᠡᠭᠳᠡᠭᠦᠯᠦᠭᠰᠡᠨ ᠰᠣᠳᠣᠨ ᠪᠦᠲᠦᠭᠡᠯ ᠢ ᠨᠡᠩ ᠰᠠᠶᠢᠨ ᠵᠣᠬᠢᠶᠠᠨ ᠪᠦᠲᠦᠭᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠶᠢᠰᠢᠳᠠ ᠶᠢᠨ ᠴᠠᠭᠳᠠᠭᠠᠨ ᠬᠤᠸᠠᠷᠠᠨ ᠤ ᠰᠣᠶᠣᠯ ᠤᠨ ᠠᠵᠢᠯ ᠢ ᠨᠡᠩ ᠰᠠᠶᠢᠲᠤᠷ ᠥᠷᠨᠢᠭᠦᠯᠬᠦ ᠳᠤ ᠰᠠᠶᠢᠨ ᠰᠠᠭᠤᠷᠢ ᠲᠠᠯᠪᠢᠵᠤ ᠥᠭᠪᠡ᠃      ᠫᠠᠶᠢᠰᠠ ᠡᠯᠭᠦᠬᠦ ᠶᠣᠰᠣᠯᠠᠯ ᠤᠨ ᠳᠠᠷᠠᠭ᠎ᠠ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠭᠦᠸᠧ ᠵᠧᠨ ᠴᠢᠶᠠᠨ ᠬᠥᠬᠡᠬᠤᠲᠠ ᠶᠢᠨ ᠰᠠᠶᠢᠬᠠᠨ ᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ᠭᠤᠣᠯ ᠬᠠᠷᠢᠭᠤᠴᠠᠯᠭᠠᠲᠠᠨ ᠢ ᠳᠠᠭᠠᠭᠤᠯᠤᠨ ᠴᠡᠴᠡᠭ ᠤᠨ ᠪᠦᠮᠪᠦᠯᠢᠭ ᠤᠷᠠᠯᠢᠭ ᠤᠨ ᠰᠤᠷᠭᠠᠨ ᠬᠥᠮᠦᠵᠢᠯ ᠤᠨ ᠠᠵᠢᠯᠲᠠᠳ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠬᠡᠷᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠳᠣᠲᠣᠭᠠᠳᠤ ᠶᠢ ᠬᠠᠮᠠᠭᠠᠯᠠᠬᠤ ᠰᠣᠶᠣᠯ ᠢ ᠪᠠᠳᠠᠷᠠᠭᠤᠯᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠡᠭᠦᠨ ᠤ ᠤᠯᠠᠮ ᠢᠶᠠᠷ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ᠤᠷᠠᠯᠢᠭ ᠤᠨ ᠵᠣᠬᠢᠶᠠᠨ ᠪᠦᠲᠦᠭᠡᠯᠭᠡ ᠶᠢ ᠶᠡᠬᠡᠪᠡᠷ ᠠᠬᠢᠭᠤᠯᠵᠤ᠂ ᠬᠠᠨᠳᠤᠯᠭ᠎ᠠ ᠲᠠᠢ᠂ ᠲᠥᠯᠥᠪᠵᠢᠭᠦᠯᠭᠡ ᠲᠠᠢ ᠪᠠᠷ ᠰᠤᠷᠭᠠᠨ ᠬᠥᠮᠦᠵᠢᠯ ᠢ ᠪᠠᠶᠠᠷ ᠴᠡᠩᠭᠡᠯ ᠳᠤ ᠠᠬᠤᠭᠤᠯᠤᠭᠰᠠᠨ ᠤᠳᠬ᠎ᠠ ᠤᠷᠠᠯᠢᠭ ᠤᠨ ᠪᠦᠲᠦᠭᠡᠯ ᠢ ᠨᠠᠶᠢᠷᠠᠭᠤᠯᠤᠨ ᠵᠣᠬᠢᠶᠠᠵᠤ᠂ ᠣᠯᠠᠨ ᠬᠡᠯᠪᠡᠷᠢ ᠶᠢᠨ ᠰᠣᠶᠣᠯ ᠤᠨ ᠪᠦᠲᠦᠭᠡᠯ ᠢᠶᠠᠷ ᠳᠠᠮᠵᠢᠭᠤᠯᠤᠨ᠂ ᠨᠠᠮ ᠤᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠮᠡᠳᠡᠯᠭᠡ ᠶᠢ ᠦᠵᠡᠭᠴᠢᠳ ᠨᠢᠭᠡᠪᠦᠷᠢ ᠶᠢᠨ ᠳᠡᠷᠭᠡᠳᠡ ᠬᠦᠷᠭᠡᠵᠦ᠂ ᠳᠠᠶᠢᠴᠢᠨ ᠬᠠᠨᠢ ᠨᠢᠭᠡᠪᠦᠷᠢ ᠶᠢᠨ ᠳᠡᠷᠭᠡᠳᠡ ᠬᠦᠷᠭᠡᠵᠦ᠂ ᠬᠠᠤᠯᠢ ᠪᠠᠷ ᠵᠠᠰᠠᠬᠤ ᠢᠳᠡᠪᠬᠢ ᠬᠦᠴᠦᠨ ᠢ ᠬᠠᠷᠢᠶ᠎ᠠ ᠣᠷᠣᠨ ᠤ ᠪᠠᠨ ᠠᠷᠠᠳ ᠣᠯᠠᠨ ᠤ ᠰᠡᠳᠬᠢᠯ ᠳᠤ ᠳᠠᠮᠵᠢᠭᠤᠯᠬᠤ ᠵᠡᠷᠭᠡ ᠠᠭᠤᠯᠭ᠎ᠠ ᠶᠢ ᠭᠦᠨᠵᠡᠭᠡᠢ ᠰᠣᠯᠢᠯᠴᠠᠵᠤ᠂ ᠪᠣᠳᠣᠯ ᠰᠠᠨᠠᠯ ᠢᠶᠠᠨ ᠰᠣᠯᠢᠯᠴᠠᠵᠠᠢ᠃
2023年呼和浩特市赛罕区公安乌兰牧骑庆“七一”《公安心向党 护航新征程》主题文艺汇演 (2).jpg
     ᠣᠶᠢᠯᠠᠭᠠᠭᠰᠠᠨ ᠢᠶᠠᠷ᠂ ᠲᠤᠰ ᠤᠳᠠᠭᠠᠨ ᠤ ᠫᠠᠶᠢᠰᠠ ᠡᠯᠭᠦᠬᠦ ᠶᠣᠰᠣᠯᠠᠯ ᠠᠴᠠ ᠡᠮᠦᠨ᠎ᠡ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ᠂ ᠲᠣᠮᠣ ᠬᠡᠯᠪᠡᠷᠢ ᠶᠢᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢ 2 ᠤᠳᠠᠭ᠎ᠠ ᠡᠷᠬᠢᠯᠡᠵᠦ᠂ ᠣᠯᠠᠨ ᠤᠳᠠᠭ᠎ᠠ ᠪᠠᠭ᠎ᠠ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠤᠳᠠᠭ᠎ᠠ ᠪᠦᠷᠢ ᠶᠢᠨ ᠭᠤᠶᠢᠳᠠ ᠰᠠᠶᠢᠬᠠᠨ ᠴᠤᠭᠯᠠᠭᠠᠨ ᠨᠢ ᠴᠥᠮ ᠨᠠᠮ ᠤᠨ ᠳᠠᠭᠤᠨ ᠢ ᠳᠠᠮᠵᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠰᠠᠶᠢᠲᠤᠷ ᠬᠢᠵᠦ᠂ ᠴᠠᠭᠳᠠᠭᠠᠨ ᠤ ᠬᠤᠸᠠᠷᠠᠨ ᠤ ᠦᠯᠢᠭᠡᠷ ᠢ ᠤᠯᠠᠮᠵᠢᠯᠠᠵᠤ᠂ ᠳᠣᠲᠣᠭᠠᠳᠤ ᠶᠢ ᠬᠠᠮᠠᠭᠠᠯᠠᠬᠤ ᠰᠣᠶᠣᠯ ᠢ ᠦᠨᠳᠦᠰᠦᠨ ᠱᠠᠲᠤᠨ ᠳᠤ ᠳᠡᠯᠭᠡᠷᠡᠭᠦᠯᠬᠦ ᠶᠢ ᠠᠬᠢᠭᠤᠯᠵᠤ᠂ ᠲᠣᠭᠯᠠᠯᠲᠠ ᠪᠦᠷᠢ ᠶᠢᠨ ᠨᠠᠷᠢᠨ ᠨᠢᠭᠲᠠ ᠵᠢᠷᠤᠭ ᠲᠥᠯᠥᠪᠯᠡᠭᠡ ᠨᠢ ᠴᠥᠮ ᠡᠮᠦᠨ᠎ᠡ ᠹᠷᠣᠨᠲ ᠤᠨ ᠳᠠᠶᠢᠴᠢᠨ ᠨᠥᠬᠦᠳ ᠵᠢᠴᠢ ᠠᠷᠠᠳ ᠣᠯᠠᠨ ᠳᠤ ᠬᠠᠶᠢᠷ᠎ᠠ ᠬᠠᠯᠠᠮᠵᠢ ᠪᠠ ᠪᠠᠶᠠᠷ ᠪᠠᠭ᠋ᠠᠳᠤᠯ ᠬᠦᠷᠭᠡᠪᠡ᠃
微信图片_20230713155058.jpg
     ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠪᠣᠯᠤᠨ ᠴᠡᠴᠡᠭ ᠤᠨ ᠪᠦᠮᠪᠦᠯᠢᠭ ᠤᠷᠠᠯᠢᠭ ᠤᠨ ᠰᠤᠷᠭᠠᠨ ᠬᠥᠮᠦᠵᠢᠯ ᠨᠢ ᠤᠷᠲᠤ ᠬᠤᠭᠤᠴᠠᠭᠠᠨ ᠤ᠂ ᠨᠢᠭᠲᠠ᠂ ᠪᠣᠳᠠᠲᠤ ᠦᠷ᠎ᠡ ᠪᠦᠲᠦᠮᠵᠢ ᠲᠠᠢ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠰᠣᠶᠣᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠪᠣᠯᠤᠨ᠎ᠠ᠃ ︽ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ︾ ᠭᠡᠬᠦ ᠡᠨᠡ ᠬᠦ ᠨᠡᠷᠡᠲᠦ ᠲᠡᠮᠳᠡᠭ ᠢ ᠪᠤᠰᠬᠠᠵᠦ᠂ ᠨᠡᠷ᠎ᠡ ᠨᠢᠳᠡᠷ ᠲᠤ ᠪᠠᠨ ᠨᠡᠶᠢᠴᠡᠭᠰᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ  ᠨᠡᠷᠡᠲᠦ ᠲᠡᠮᠳᠡᠭᠲᠦ ᠪᠣᠯᠭᠠᠬᠤ ᠬᠡᠷᠡᠭᠲᠡᠢ᠃ 
ᠢᠷᠡᠯᠲᠡ᠄ ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ