ᠠᠤᠬᠠᠨ ᠬᠤᠰᠢᠭᠤᠨ ᠤ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠣᠯᠠᠨ ᠠᠷᠭ᠎ᠠ ᠬᠡᠮᠵᠢᠶ᠎ᠡ ᠨᠢ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/8/1
     ᠡᠨᠡ ᠵᠢᠯ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃
微信图片_20230718150759.jpg   
     ᠨᠢᠭᠡ ᠳᠤ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ︾ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠬᠡᠷᠡᠭᠵᠢᠭᠦᠯᠵᠦ᠂ ᠣᠯᠠᠨ ᠲᠦᠮᠡᠨ ᠳᠤ ᠨᠢᠭᠡ ᠯᠡ ᠤᠳᠠᠭ᠎ᠠ ᠳᠡᠭᠡᠷ᠎ᠡ ᠰᠢᠢᠳᠪᠦᠷᠢᠯᠡᠨ ᠥᠭᠴᠦ᠂ ᠳᠠᠬᠢᠨ ᠳᠠᠪᠲᠠᠨ ᠭᠠᠷ ᠭᠦᠢᠴᠡᠳᠭᠡᠯ ᠢ ᠦᠭᠡᠶᠢᠰᠭᠡᠪᠡ᠃ ᠲᠡᠷᠭᠡ ᠬᠠᠮᠢᠶᠠᠷᠬᠤ ᠭᠠᠵᠠᠷ ᠨᠢ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢᠶᠠᠨ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠴᠣᠩᠬᠤᠪᠴᠢ᠂ ᠲᠡᠷᠭᠡ ᠬᠥᠰᠬᠡ ᠶᠢᠨ ᠳᠡᠩᠰᠡᠯᠡᠨ ᠲᠡᠮᠳᠡᠭᠯᠡᠬᠦ ᠭᠤᠳᠤᠮ᠂ ᠦᠢᠯᠡᠴᠢᠯᠡᠭᠡᠨ ᠤ ᠬᠥᠲᠥᠯᠦᠨ ᠭᠦᠢᠴᠡᠳᠭᠡᠬᠦ ᠪᠠᠷᠢᠮᠵᠢᠶᠠᠲᠤ ᠠᠷᠭ᠎ᠠ ᠠᠪᠴᠠᠯ ᠢ ᠬᠡᠷᠡᠭᠵᠢᠭᠦᠯᠵᠦ᠂ ︽ᠵᠠᠮ ᠬᠠᠷᠢᠯᠴᠠᠭ᠎ᠠ ᠶᠢᠨ ᠬᠠᠮᠢᠶᠠᠷᠤᠯᠲᠠ 12123︾ ᠢᠨᠲ᠋ᠧᠷ ᠰᠦᠯᠵᠢᠶᠡᠨ ᠤ ᠲᠠᠪᠴᠠᠩ ᠳᠤ ᠲᠦᠰᠢᠭᠯᠡᠨ ᠠᠵᠢᠯ ᠶᠠᠪᠤᠳᠠᠯ ᠭᠦᠢᠴᠡᠳᠭᠡᠬᠦ ᠲᠡᠷᠭᠡᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ︽ᠨᠢᠭᠡ ᠤᠳᠠᠭ᠎ᠠ ᠳᠤ ᠵᠢᠭᠰᠠᠭᠠᠵᠤ᠂ ᠨᠢᠭᠡ ᠤᠳᠠᠭ᠎ᠠ ᠳᠤ ᠭᠦᠢᠴᠡᠳᠭᠡᠵᠦ ᠳᠠᠭᠤᠰᠬᠠᠬᠤ︾ ᠶᠢ ᠪᠡᠶᠡᠯᠡᠭᠦᠯᠪᠡ᠃
 微信图片_20230718151130.jpg  
     ᠬᠤᠶᠠᠷ ᠲᠤ᠂ ᠡᠷᠬᠡ ᠶᠢ ᠳᠣᠷᠣᠭᠰᠢ ᠲᠠᠯᠪᠢᠵᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠳᠤ ᠨᠠᠩ ᠰᠢᠯᠢᠳᠡᠭ ᠦᠢᠯᠡᠴᠢᠯᠡᠭᠡᠨ ᠤ ᠣᠷᠴᠢᠨ ᠲᠣᠭᠤᠷᠢᠨ ᠢ ᠮᠡᠳᠡᠷᠡᠭᠦᠯᠪᠡ᠃ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠠᠷᠠᠳ ᠲᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠭᠦᠨᠵᠡᠭᠡᠶ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠥᠷᠲᠡᠭᠡ ᠶᠢ ᠨᠡᠶᠢᠲᠡ 3 ᠪᠠᠶᠢᠭᠤᠯᠵᠤ᠂ ᠮᠠᠰᠢᠨᠲᠤ ᠲᠡᠷᠭᠡᠨ ᠤ ᠲᠤᠬᠠᠶᠢᠯᠠᠭᠰᠠᠨ ᠠᠵᠢᠯ ᠤᠨ ᠵᠢᠵᠢᠭ ᠬᠡᠯᠪᠡᠷᠢ ᠶᠢᠨ ᠮᠠᠰᠢᠨᠲᠤ ᠲᠡᠷᠭᠡ ᠶᠢ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ᠂ ᠰᠢᠯᠵᠢᠭᠦᠯᠦᠨ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠵᠡᠷᠭᠡ 12 ᠵᠦᠢᠯ ᠤᠨ ᠡᠷᠬᠡ ᠶᠢᠨ ᠬᠢᠵᠠᠭᠠᠷ ᠢ ᠳᠣᠷᠣᠭᠰᠢ ᠲᠠᠯᠪᠢᠵᠤ᠂ ᠣᠯᠠᠨ ᠲᠦᠮᠡᠨ ᠤ ᠣᠶᠢᠷ᠎ᠠ ᠬᠠᠪᠢ ᠳᠤ ᠪᠠᠨ ᠭᠦᠢᠴᠡᠳᠭᠡᠬᠦ ᠳᠤ ᠲᠥᠬᠦᠮ ᠦᠵᠡᠭᠦᠯᠪᠡ᠃
微信图片_20230718153145.jpg   
     ᠭᠤᠷᠪᠠ ᠳᠤ᠂ ᠠᠷᠭ᠎ᠠ ᠵᠠᠮ ᠢ ᠰᠢᠯᠤᠭᠤᠳᠬᠠᠨ ᠰᠤᠷᠲᠠᠯ ᠢ ᠰᠠᠶᠢᠵᠢᠷᠠᠭᠤᠯᠵᠤ᠂ ᠣᠯᠠᠨ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡ ᠶᠢ ᠪᠣᠶ ᠪᠣᠯᠭᠠᠪᠠ᠃ ᠴᠠᠭ ᠵᠥᠷᠢᠭᠦᠯᠦᠨ ᠦᠢᠯᠡᠴᠢᠯᠡᠬᠦ᠂ ᠬᠤᠶᠢᠰᠢᠯᠠᠭᠤᠯᠤᠨ ᠦᠢᠯᠡᠴᠢᠯᠡᠬᠦ᠂ ᠭᠡᠷ ᠲᠤ ᠨᠢ ᠬᠦᠷᠴᠦ ᠦᠢᠯᠡᠴᠢᠯᠡᠬᠦ ᠶᠢ ᠪᠠᠷᠢᠮᠲᠠᠯᠠᠪᠠ᠃ ︽ᠣᠯᠠᠨ ᠲᠦᠮᠡᠨ ᠠᠵᠢᠯ ᠠᠴᠠ ᠪᠠᠨ ᠪᠠᠭᠤᠪᠠᠯ ᠪᠢ ᠠᠵᠢᠯᠯᠠᠵᠤ᠂ ᠣᠯᠠᠨ ᠲᠦᠮᠡᠨ ᠠᠮᠠᠷᠠᠪᠠᠯ ᠪᠢ ᠵᠢᠵᠢᠭᠦᠷᠯᠡᠬᠦ︾ ᠦᠢᠯᠡᠴᠢᠯᠡᠭᠡᠨ ᠤ ᠠᠮᠠᠯᠠᠯᠲᠠ ᠶᠢ ᠦᠢᠯᠡᠳᠦᠯᠭᠡᠵᠢᠭᠦᠯᠵᠦ᠂ ᠣᠯᠠᠨ ᠲᠦᠮᠡᠨ ᠳᠤ ᠡᠯ᠎ᠡ ᠵᠦᠢᠯ ᠤᠨ ᠲᠡᠷᠭᠡ ᠵᠢᠯᠣᠭᠤᠳᠬᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠪᠡ᠃ 
ᠢᠷᠡᠯᠲᠡ᠄ ᠤᠯᠠᠭᠠᠨᠬᠠᠳᠠ ᠬᠣᠲᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ