ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠡᠶ᠎ᠡ ᠮᠠᠬᠠᠪᠣᠳ ᠤᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠳᠣᠲᠣᠭᠠᠳᠤ ᠶᠢ | ᠬᠠᠮᠠᠭᠠᠯᠠᠬᠤ ᠡᠩᠨᠡᠭᠡᠨ ᠤ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠠᠤᠬᠠᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠲᠣᠪᠴᠢᠶ᠎ᠠ ᠶᠢᠨ ᠴᠠᠭᠳᠠᠭ᠎ᠠ ᠶᠢᠨ ᠭᠦᠶᠦᠯᠳᠡ ᠶᠢᠨ ᠪᠦᠯᠬᠦᠮ ᠳᠤ ᠲᠦᠰᠢᠭᠯᠡᠨ᠂ | ︽ᠪᠣᠯᠪᠠᠰᠤᠷᠠᠯ ᠢ ᠴᠢᠩᠭᠠᠳᠬᠠᠨ ᠬᠡᠪ ᠴᠢᠨᠠᠷ ᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠨᠢᠭᠲᠠ ᠤᠶᠠᠯᠳᠤᠭᠤᠯᠵᠤ᠂ ︽ᠥᠷᠯᠥᠭᠡ ᠶᠢᠨ ᠭᠦᠶᠦᠯᠲᠡ ᠶᠢᠨ | ᠪᠣᠯᠪᠠᠰᠤᠷᠠᠯ︾ ᠤᠨ ᠠᠵᠢᠯᠯᠠᠭ᠎ᠠ ᠶᠢ ᠥᠷᠨᠢᠭᠦᠯᠵᠦ᠂ ᠠᠵᠢᠯᠯᠠᠭ᠎ᠠ ᠶᠢᠨ ᠪᠥᠬᠦ ᠶᠠᠪᠤᠴᠠ ᠨᠢ 5.6 ᠺᠢᠯᠤᠮᠧᠲᠷ᠂ ᠭᠠᠷᠠᠭ ᠤᠨ ᠬᠤᠶᠠᠷ᠂ ᠳᠥᠷᠪᠡᠨ ᠳᠤ ᠥᠷᠯᠥᠭᠡ ᠡᠷᠲᠡ | ᠭᠦᠶᠦᠬᠦ ᠶᠢ ᠵᠣᠬᠢᠶᠠᠨ ᠪᠠᠶᠢᠭᠤᠯᠪᠠ᠃ | | | | | | ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠥᠮᠦᠵᠢᠯ ᠪᠣᠯᠪᠠᠰᠤᠷᠠᠯ ᠢ ᠡᠩᠨᠡᠭᠡᠨ ᠤ ᠪᠠᠶᠢᠭᠤᠯᠤᠯᠲᠠ ᠶᠢᠨ ᠪᠦᠬᠦ ᠶᠠᠪᠤᠴᠠ ᠳᠤ | ᠲᠤᠭᠤᠰᠢᠯᠠᠭᠤᠯᠵᠤ᠂ ᠪᠦᠬᠦ ᠴᠠᠭᠳᠠᠭ᠎ᠠ ᠶᠢᠨ ᠡᠷᠡᠭᠦᠯ ᠮᠡᠨᠳᠦ ᠶᠢᠨ ᠲᠦᠪᠰᠢᠨ ᠪᠠ ᠪᠡᠶ᠎ᠡ ᠮᠠᠬᠠᠪᠣᠳ ᠤᠨ ᠬᠡᠪ ᠪᠣᠯᠪᠠᠰᠤᠷᠠᠯ ᠢ ᠴᠢᠷᠮᠠᠶᠢᠨ ᠳᠡᠭᠡᠭᠰᠢᠯᠡᠭᠦᠯᠦᠨ᠂ ᠰᠠᠶᠢᠨ | ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠳᠣᠲᠣᠭᠠᠳᠤ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠳᠤ | ᠣᠷᠣᠯᠴᠠᠵᠤ᠂ ᠠᠮᠤᠷ ᠠᠮᠤᠭᠤᠯᠠᠩ ᠠᠤᠬᠠᠨ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ ᠪᠠᠶᠢᠨ᠎ᠠ᠃ | |